ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠠᠰᠢᠨ ᠲᠡᠷᠭᠡ ᠪᠣᠷᠣᠯᠠᠭᠤᠯᠬᠤ ᠠᠵᠤ ᠠᠬᠤᠢᠯᠠᠯ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/1/3
1111.jpg
    ᠰᠢᠨ᠎ᠡ ᠵᠢᠯ ᠤᠨ ᠰᠢᠨ᠎ᠡ ᠶᠢᠨ ᠨᠢᠭᠡᠨ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠬᠤ ᠶᠢᠨ ᠲᠥᠯᠥᠭᠡ᠂ 25 ᠤ ᠡᠳᠦᠷ ᠤᠨ ᠦᠳᠡ ᠶᠢᠨ ᠬᠤᠶᠢᠨ᠎ᠠ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠨ ᠶᠢᠩ ᠡᠷᠬᠢᠯᠡᠭᠴᠢ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ ᠠᠯᠪᠠᠨ ᠬᠡᠷ ᠤᠨ ᠬᠠᠮᠢᠶ᠎ᠠ ᠪᠥᠬᠦᠶ ᠬᠥᠮᠦᠰ ᠢ ᠳᠠᠭᠠᠭᠤᠯᠤᠨ ᠹᠠᠩ ᠴᠧᠩ ᠪᠦᠦ᠂ ᠲᠧᠩ ᠮᠤᠤ ᠬᠠᠹᠤ ᠮᠠᠰᠢᠨ ᠲᠡᠷᠭᠡ ᠪᠣᠷᠣᠯᠠᠭᠤᠯᠬᠤ 4s ᠳᠡᠯᠭᠡᠭᠦᠷ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠮᠠᠰᠢᠨ ᠲᠡᠷᠭᠡ ᠪᠣᠷᠣᠯᠠᠭᠤᠯᠬᠤ ᠬᠦᠷᠢᠶ᠎ᠡ ᠬᠡᠪᠴᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃    ᠬᠠᠨ ᠡᠷᠬᠢᠯᠡᠭᠴᠢ ᠨᠠᠷ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠶᠢᠨ ᠲᠠᠯᠠᠪᠠᠢ ᠳᠤ ᠣᠴᠢᠵᠤ ᠪᠠᠢᠴᠠᠭᠠᠨ᠂ ᠡᠬᠡ ᠲᠠᠩᠰᠠ ᠲᠠᠢ ᠬᠠᠷᠢᠴᠠᠭᠤᠯᠤᠨ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠣᠢᠷ᠎ᠠ ᠶᠢᠨ ᠬᠤᠭᠤᠴᠠᠭᠠᠨ ᠳᠤ ᠥᠷᠨᠢᠭᠦᠯᠦᠭᠰᠡᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ᠂ ᠪᠣᠯᠪᠠᠰᠤᠷᠠᠯ᠂ ᠰᠣᠷᠢᠯᠲᠠ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠮᠠᠲ᠋ᠧᠷᠢᠶᠠᠯ ᠤᠨ ᠪᠡᠯᠡᠳᠬᠡᠯ ᠤᠨ ᠪᠠᠶᠢᠳᠠᠯ ᠢ ᠪᠠᠶᠢᠴᠠᠭᠠᠨ ᠦᠵᠡᠵᠦ᠂ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠭᠤᠤᠷᠰᠤ ᠵᠡᠷᠭᠡ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠬᠡᠷᠡᠭᠯᠡᠬᠦ ᠬᠤᠭᠤᠴᠠᠭᠠᠨ ᠨᠢ ᠬᠦᠴᠦᠨ ᠲᠠᠢ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ ᠡᠯ᠎ᠡ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠠᠵᠢᠯ ᠢᠶᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠴᠠᠭ ᠢᠮᠠᠭᠲᠠ ᠰᠡᠷᠡᠮᠵᠢᠯᠡᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠠᠮᠤᠷ ᠲᠦᠪᠰᠢᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃ ᠵᠢᠯ ᠤᠨ ᠡᠴᠦᠰ ᠵᠢᠯ ᠤᠨ ᠡᠬᠢᠨ ᠪᠣᠯ ᠠᠮᠤᠷ ᠲᠦᠪᠰᠢᠨ ᠤ ᠠᠳᠡᠯ ᠠᠮᠠᠷᠬᠠᠨ ᠭᠠᠷᠬᠤ ᠴᠠᠭ ᠬᠤᠭᠤᠴᠠᠭ᠎ᠠ ᠪᠣᠯᠤᠨ᠎ᠠ᠂ ᠡᠯ᠎ᠡ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号