ᠪᠥᠬᠦ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠦᠨᠳᠦᠰᠦᠨ ᠱᠠᠲᠤᠨ ᠤ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ 12 ᠰᠠᠷ᠎ᠠ ᠶᠢᠨ 30 ᠤ ᠡᠳᠦᠷ᠂ ᠵᠢᠥ ᠶᠤᠸᠠᠨ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠪᠥᠬᠦ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ︵ᠥᠷᠲᠡᠭᠡ︶ ᠤᠨ ᠳᠥᠷᠪᠡᠳᠦᠭᠡᠷ ᠤᠯᠠᠷᠢᠯ ᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠧᠦ ᠷᠦᠢ ᠹᠧᠩ ᠬᠤᠷᠠᠯ ᠢ ᠡᠷᠭᠢᠯᠡᠵᠦ᠂ ᠪᠥᠬᠦ ᠲᠣᠭᠤᠷᠢᠭ ᠤᠨ 8 | ᠰᠤᠮᠤ ᠪᠠᠯᠭᠠᠰᠤ ᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ | ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠵᠢᠯᠲᠠᠨ ᠨᠡᠶᠢᠲᠡ 30 ᠬᠥᠮᠦᠨ ᠬᠤᠷᠠᠯ ᠳᠤ ᠣᠷᠣᠯᠴᠠᠵᠠᠶ᠃ | | | | ᠬᠤᠷᠠᠯ ᠠᠴᠠ ︽ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠶᠠᠮᠤᠨ᠂ ᠪᠥᠬᠦ ᠤᠯᠤᠰ ᠤᠨ ᠬᠤᠶᠠᠷ ᠢ ᠬᠦᠷᠢᠶᠡᠯᠡᠬᠦ | ᠠᠯᠪᠠᠨ ᠬᠡᠷ ᠤᠨ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ | ᠬᠠᠷᠠᠭᠠᠯᠵᠠᠵᠤ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠂ | ︽ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠥᠪᠥᠷ | ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠰᠢᠨ᠎ᠡ ᠵᠢᠯ ᠴᠠᠭᠠᠨ | ᠰᠠᠷ᠎ᠠ ᠶᠢᠨ ᠬᠤᠭᠤᠴᠠᠭᠠᠨ ᠳᠠᠬᠢ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠵᠠᠰᠠᠭ ᠢᠶᠠᠨ | ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ | ᠵᠢᠴᠢ 60 ᠪᠦᠬᠦᠯᠢ ᠨᠠᠰᠤᠨ ᠤ ᠬᠥᠳᠡᠭᠡ ᠲᠣᠰᠬᠤᠨ ᠤ ᠡᠷᠣᠬᠡ ᠲᠠᠢ ᠴᠡᠷᠢᠭ ᠠᠴᠠ ᠬᠠᠯᠠᠭᠳᠠᠭᠰᠠᠳ ᠤᠨ | ᠠᠮᠢᠳᠤᠷᠠᠯ ᠤᠨ ᠨᠥᠬᠦᠪᠥᠷᠢ ᠶᠢ ᠬᠢᠨᠠᠨ ᠵᠥᠪᠰᠢᠶᠡᠷᠡᠬᠦ ᠶᠠᠪᠤᠴᠠ ᠵᠡᠷᠭᠡ ᠶᠢ ᠳᠠᠮᠵᠢᠭᠤᠯᠤᠨ ᠰᠤᠷᠤᠯᠴᠠᠬᠤ ᠶᠢᠨ ᠬᠠᠮᠲᠤ | ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠵᠤ᠂ 2024 ᠣᠨ ᠤ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ︽ | ᠡᠭᠦᠷᠭᠡ ᠶᠢᠨ ᠨᠠᠷᠢᠨ ᠲᠠᠩᠰᠠ︾ ᠶᠢᠨ ᠪᠠᠶᠢᠴᠠᠭᠠᠭᠰᠠᠨ ᠪᠠᠶᠢᠳᠠᠯ ᠢ ᠨᠡᠶᠢᠲᠡᠯᠡᠵᠦ᠂ ᠰᠠᠷᠠᠭᠤᠯ ᠵᠡᠭᠡᠯᠢ ᠭᠤᠳᠤᠮᠵᠢ ᠶᠢᠨ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠤᠷᠢᠵᠤ ᠲᠤᠷᠰᠢᠯᠭ᠎ᠠ ᠰᠣᠯᠢᠯᠴᠠᠬᠤ ᠶᠢᠨ ᠬᠠᠮᠲᠤ | ᠲᠡᠳᠡᠨ ᠤ ︽ᠡᠭᠦᠷᠭᠡ ᠶᠢᠨ ᠨᠠᠷᠢᠨ ᠲᠠᠩᠰᠠ︾ ᠶᠢᠨ ᠮᠠᠲ᠋ᠧᠷᠢᠶᠠᠯ ᠢ ᠰᠤᠷᠤᠯᠴᠠᠵᠤ᠂ ᠬᠠᠷᠠᠭᠠᠯᠵᠠᠯ ᠤᠨ ᠦᠨᠡᠮᠯᠡᠯ ᠢ | ᠭᠦᠢᠴᠡᠳᠬᠡᠬᠦ ᠵᠡᠷᠭᠡ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠶᠢᠯᠠᠭᠰᠠᠨ ᠠᠵᠢᠯ ᠤᠨ ᠰᠣᠯᠢᠯᠴᠠᠭ᠎ᠠ | ᠬᠢᠪᠠ᠃ | | | | 2025 ᠣᠨ ᠳᠤ᠂ ᠵᠢᠥ ᠶᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠢ ᠤᠯᠠᠮ | ᠨᠢᠭᠡ ᠠᠯᠬᠤᠮ ᠪᠦᠷᠢᠨᠰᠢᠬᠦᠯᠵᠦ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠠᠰᠠᠷᠠᠮᠵᠢ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠨᠠᠷᠢᠯᠢᠬᠵᠢᠭᠤᠯᠤᠯᠲᠠ ᠶᠢ | ᠨᠠᠷᠢᠯᠢᠭ ᠣᠨᠣᠴᠠᠲᠠᠶ ᠪᠣᠯᠭᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠪᠲᠡᠷᠡᠯᠴᠡᠯ ᠤᠨ | ᠴᠡᠭ ᠢ ᠡᠷᠢᠨ᠂ ᠨᠡᠮᠡᠭᠳᠡᠯ ᠤᠨ ᠴᠡᠭ ᠢ ᠬᠥᠭᠡᠭᠡᠴᠡᠯᠳᠦᠵᠦ᠂ ᠰᠢᠨ᠎ᠡ ᠶᠢ ᠡᠭᠦᠳᠬᠦ ᠴᠡᠭ ᠢ ᠬᠠᠶᠢᠨ ᠰᠦᠪᠡᠭᠴᠢᠯᠡᠵᠦ᠂ | ᠵᠢᠥ ᠶᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠨ᠎ᠡ ᠶᠢ ᠡᠭᠦᠳᠬᠦ | ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | | | | | | | | | | | | |