ᠹᠦ᠋ ᠰᠢᠩ ᠭᠡᠷ ᠬᠤᠷᠢᠶᠠᠯᠠᠯ᠄ ᠨᠠᠰᠤᠲᠠᠶᠢᠴᠤᠳ ᠲᠤ ᠲᠣᠬᠢᠷᠠᠬᠤ ᠪᠠᠭᠠᠵᠢ ᠬᠡᠷᠡᠭᠰᠡᠯ ᠢ ᠬᠡᠷ ᠣᠷᠣᠨ ᠳᠤ ᠣᠷᠣᠭᠤᠯᠤᠨ᠂ ᠨᠠᠰᠤᠲᠠᠶᠢᠴᠤᠳ ᠲᠤ ᠲᠣᠬᠢᠷᠠᠬᠤ ᠣᠷᠴᠢᠨ ᠲᠣᠭᠤᠷᠢᠨ  ᠶᠢ ᠬᠠᠮᠲᠤᠪᠠᠷ ᠡᠭᠦᠳᠦᠶ᠎ᠡ
ᠨᠡᠶᠢᠲᠡᠯᠡᠭᠰᠡᠨ ᠴᠠᠭ᠄
2025/1/6
    ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠩ ᠳᠥᠭᠦᠮ ᠳᠥᠲᠡ᠂ ᠲᠠᠭᠠᠯᠠᠮᠵᠢᠲᠠᠶ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠬᠦ ᠶᠢᠨ ᠲᠥᠯᠥᠭᠡ᠂ ᠹᠦ᠋ ᠰᠢᠩ ᠭᠡᠷ ᠬᠤᠷᠢᠶᠠᠯᠠᠯ ᠬᠠᠭᠠᠰ ᠰᠠᠷ᠎ᠠ ᠪᠠᠴᠢᠮ ᠶᠠᠭᠠᠷᠠᠯᠲᠠᠢ ᠡᠷᠦᠬᠡ ᠳᠤ ᠬᠦᠷᠴᠦ ᠰᠤᠷᠪᠤᠯᠵᠢᠯᠠᠬᠤ ᠪᠠ ᠤᠬᠠᠭᠤᠯᠬᠤ ᠠᠵᠢᠯ ᠢ ᠬᠢᠵᠦ᠂ ᠡᠴᠦᠰ ᠲᠡᠭᠡᠨ ᠨᠠᠰᠤᠲᠠᠶᠢᠴᠤᠳ ᠲᠤ ᠵᠣᠬᠢᠴᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠱᠠᠲᠤ ᠶᠢ ᠤᠭᠲᠤᠨ ᠠᠪᠴᠢᠷᠠᠪᠠ᠃
1111111.jpg
     ᠲᠤᠬᠠᠶ ᠶᠢᠨ ᠡᠳᠦᠷ᠂ ᠭᠡᠷ ᠬᠤᠷᠢᠶᠠᠯᠠᠯ ᠤᠨ ᠠᠵᠢᠯᠲᠠᠳ ᠲᠥᠬᠦᠭᠡᠷᠦᠮᠵᠢ ᠤᠭᠰᠠᠷᠠᠬᠤ ᠠᠵᠢᠯᠴᠢᠨ ᠶᠢ ᠳᠠᠭᠠᠭᠤᠯᠤᠨ ᠡᠷᠤᠬᠡ ᠳᠤ ᠣᠷᠣᠵᠤ᠂ ᠡᠮᠦᠨᠡᠬᠢ ᠬᠤᠭᠤᠴᠠᠭᠠᠨ ᠤ ᠠᠳᠠᠯᠢ ᠪᠤᠰᠤ ᠨᠠᠰᠤᠲᠠᠨ ᠳᠤ ᠲᠣᠭᠲᠠᠭᠠᠭᠰᠠᠨ ᠥᠭᠡᠷᠡᠴᠢᠯᠡᠬᠦ ᠲᠥᠰᠦᠯ ᠢ ᠦᠨᠳᠦᠰᠦᠯᠡᠨ᠂ ᠤᠭᠰᠠᠷᠠᠬᠤ ᠠᠵᠢᠯ ᠢ ᠨᠢᠭᠡ ᠨᠢᠭᠡ ᠪᠠᠷ ᠬᠢᠵᠦ᠂ ᠨᠠᠷᠢᠨ ᠵᠦᠢᠯᠡᠰ ᠨᠢᠭᠡᠪᠦᠷᠢ ᠶᠢ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠳᠤ ᠨᠡᠶᠢᠴᠡᠭᠦᠯᠬᠦ ᠶᠢ ᠠᠩᠬᠠᠷᠵᠠᠢ᠃ ᠡᠭᠦᠨ ᠤ ᠬᠠᠮᠲᠤ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠡᠳᠡᠭᠡᠷ ᠰᠢᠨ᠎ᠡ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠵᠢᠴᠢ ᠬᠡᠷᠡᠭᠯᠡᠬᠦ ᠶᠠᠪᠤᠴᠠ ᠳᠤ ᠠᠩᠬᠠᠷᠬᠤ ᠴᠢᠬᠤᠯᠠᠲᠠᠢ ᠵᠦᠢᠯᠡᠰ ᠢ ᠨᠠᠰᠤᠲᠠᠶᠢᠴᠤᠳ ᠲᠤ ᠲᠠᠨᠢᠯᠴᠠᠭᠤᠯᠪᠠ᠃ ᠤᠭᠰᠠᠷᠠᠵᠤ ᠪᠠᠷᠠᠭᠰᠠᠨ ᠤ ᠳᠠᠷᠠᠭ᠎ᠠ᠂ ᠭᠧ ᠠᠨᠢᠶ᠎ᠠ ᠨᠡᠶᠢᠭᠡᠮ ᠲᠣᠭᠤᠷᠢᠭ ᠤᠨ ᠠᠵᠢᠯᠲᠠᠳ ᠤᠨ ᠭᠠᠷ ᠢ ᠠᠳᠬᠤᠭᠠᠳ᠄ ︽ᠮᠠᠰᠢ ᠲᠠᠯᠠᠷᠬᠠᠵᠤ ᠪᠠᠶᠢᠨ᠎ᠠ︕ ᠡᠳᠡᠭᠡᠷ ᠲᠥᠬᠦᠭᠡᠷᠦᠮᠵᠢ ᠲᠠᠢ ᠪᠣᠯᠣᠭᠰᠠᠨ ᠬᠤᠢᠨ᠎ᠠ ᠪᠢᠳᠡ ᠶᠠᠪᠠᠭᠠᠨ ᠶᠠᠪᠤᠬᠤ᠂ ᠵᠣᠷᠯᠣᠩ ᠳᠤ ᠣᠷᠣᠬᠤ ᠳᠤ ᠠᠮᠠᠷ ᠪᠦᠲᠤᠷᠢᠵᠤ ᠤᠨᠠᠬᠤ ᠦᠭᠡᠢ ᠪᠣᠯᠵᠠᠢ᠂ ᠡᠨᠡ ᠲᠥᠷᠥ ᠶᠢᠨ ᠪᠣᠳᠣᠯᠭ᠎ᠠ ᠦᠨᠡᠬᠡᠷ ᠰᠠᠢᠨ︾ ᠭᠡᠪᠡ᠃ ᠨᠡᠶᠢᠭᠡᠮ ᠲᠣᠭᠤᠷᠢᠭ ᠤᠨ ᠠᠵᠢᠯ ᠨᠢ ᠰᠠᠭᠤᠭᠠᠯᠢ ᠠᠷᠠᠳ ᠤᠨ ᠵᠥᠪᠰᠢᠶᠡᠷᠡᠯ ᠪᠠ ᠳᠡᠮᠵᠢᠯᠭᠡ ᠶᠢ ᠣᠯᠵᠤ᠂ ᠠᠵᠢᠯᠲᠠᠳ ᠤᠨ ᠡᠷᠴᠢ ᠵᠣᠷᠢᠭ ᠢ ᠬᠥᠪᠴᠢᠯᠡᠵᠦ᠂ ᠢᠷᠡᠭᠡᠳᠦᠢ ᠶᠢᠨ ᠠᠵᠢᠯ ᠳᠤ ᠢᠲᠡᠭᠡᠯ ᠲᠡᠭᠦᠯᠳᠡᠷ ᠪᠣᠯᠭᠠᠪᠠ᠃    ᠹᠦ᠋ ᠰᠢᠩ ᠭᠡᠷ ᠬᠤᠷᠢᠶᠠᠯᠠᠯ ᠨᠢ ᠰᠠᠭᠤᠭᠠᠯᠢ ᠠᠷᠠᠳ ᠲᠤ ᠦᠨᠡᠨ ᠬᠦ ᠲᠥᠬᠦᠮ ᠦᠵᠡᠭᠦᠯᠬᠦ ᠪᠠ ᠦᠢᠯᠡᠴᠢᠯᠡᠭᠡ ᠬᠠᠩᠭᠠᠬᠤ ᠪᠠᠷ ᠦᠷᠭᠦᠯᠵᠢᠯᠡᠨ ᠴᠢᠷᠮᠠᠶᠢᠵᠤ᠂ ᠨᠠᠰᠤᠲᠠᠶᠢᠴᠤᠳ ᠲᠤ ᠵᠣᠬᠢᠴᠠᠭᠤᠯᠬᠤ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠨᠠᠩ ᠣᠯᠠᠨ ᠬᠡᠷ ᠪᠦᠯᠢ ᠳᠤ ᠠᠰᠢᠭ ᠬᠦᠷᠲᠡᠭᠡᠵᠦ᠂ ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠠᠮᠢᠳᠤᠷᠠᠬᠤ ᠳᠤᠮᠳᠠᠬᠢ ᠡᠯ᠎ᠡ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠭᠦᠨ ᠤ ᠬᠠᠮᠲᠤ᠂ ᠭᠡᠷ ᠬᠤᠷᠢᠶᠠᠯᠠᠯ ᠤᠨ ᠬᠢᠨ ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠣᠯᠤᠨ ᠤᠶᠤᠨ ᠰᠠᠨᠠᠭᠠᠨ ᠤ ᠪᠠᠶᠢᠳᠠᠯ ᠢ ᠲᠠᠰᠤᠷᠠᠯᠲᠠ ᠦᠭᠡᠢ ᠠᠩᠬᠠᠷᠴᠤ᠂ ᠲᠡᠳᠡᠨ ᠳᠤ ᠨᠡᠩ ᠠᠮᠤᠷ ᠲᠦᠪᠰᠢᠨ᠂ ᠳᠥᠭᠦᠮ ᠳᠥᠲᠡ᠂ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠪᠠᠷ ᠴᠢᠷᠮᠠᠶᠢᠵᠤ᠂ ᠡᠭᠦᠨ ᠤ ᠤᠯᠠᠮ ᠠᠴᠠ ᠲᠡᠳᠡᠨ ᠤ ᠥᠲᠡᠯᠦᠭᠡ ᠨᠠᠰᠤᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号