ᠵᠢᠥ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/6
    1 ᠰᠠᠷ᠎ᠠ ᠶᠢᠨ 3 ᠤ ᠡᠳᠦᠷ᠂ ᠵᠢᠥ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠶᠦᠩ ᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶᠠᠨ ᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠡᠯ᠎ᠡ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃
11111111.jpg
    ᠬᠤᠷᠠᠯ ᠠᠴᠠ᠂ ᠪᠦᠬᠦ ᠲᠤᠪᠴᠢᠶᠠᠨ ᠤ ᠳᠡᠭᠡᠳᠦ ᠲᠤᠤᠷᠠᠳᠤ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠰᠠᠨ ᠨᠢ 2024 ᠣᠨ ᠤ ᠠᠵᠢᠯ ᠢ ᠭᠦᠢᠴᠡᠳ ᠨᠤᠲᠠᠯᠠᠬᠤ ᠪᠠ ᠪᠦᠬᠦ ᠲᠠᠯ᠎ᠠ ᠤᠨ ᠪᠠᠢᠲᠡᠯ ᠶᠢ ᠡᠮᠬᠢᠯᠡᠵᠦ᠂ 2025 ᠣᠨ ᠤ ᠠᠵᠢᠯ ᠶᠢ ᠭᠤᠣᠯᠳᠠᠯᠭ᠎ᠠ ᠲᠠᠢ ᠪᠠᠢᠷᠢᠯᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠭᠠᠷᠳᠠᠬᠤ ᠴᠡᠭ᠂ ᠬᠦᠴᠦᠯᠡᠬᠦ ᠴᠡᠭ᠂ ᠲᠣᠰᠬᠤ ᠴᠡᠭ ᠶᠢ ᠣᠨᠣᠪᠴᠢᠲᠠᠢ ᠣᠯᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠰᠤᠳᠤᠯᠤᠨ ᠤᠩᠰᠢᠬᠤ ᠠᠵᠢᠯ ᠢ ᠥᠷᠨᠢᠭᠦᠯᠵᠦ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠠᠯᠪᠠᠨ ᠮᠡᠳᠡᠭᠡ ᠶᠢᠨ ᠭᠤᠤᠯᠳᠠᠯᠭ᠎ᠠ ᠲᠠᠢ ᠠᠭᠤᠯᠭ᠎ᠠ ᠶᠢ ᠪᠥᠬᠦ ᠲᠠᠯ᠎ᠠ ᠪᠠᠷ ᠳᠠᠭᠠᠭᠤᠯᠤᠨ ᠰᠤᠷᠤᠯᠴᠠᠵᠤ᠂ ᠪᠥᠬᠦ ᠠᠵᠢᠯᠲᠠᠨ ᠤ ᠪᠠᠶᠢᠩᠭᠤ ᠶᠢᠨ ᠰᠤᠷᠤᠯᠴᠠᠯᠭ᠎ᠠ ᠶᠢ ᠠᠬᠢᠭᠤᠯᠬᠤ ᠬᠡᠷᠡᠭᠲᠡᠢ᠃ ᠬᠤᠶᠠᠷ ᠲᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠᠷ ᠠᠮᠤᠷ ᠲᠦᠪᠰᠢᠨ ᠢ ᠠᠬᠢᠭᠤᠯᠬᠤ ᠶᠢ ᠠᠳᠬᠤᠵᠤ᠂ ᠡᠯ᠎ᠡ ᠬᠠᠤᠯᠢ ᠬᠡᠷᠡᠭᠵᠢᠭᠦᠯᠬᠦ ᠠᠩᠭᠢ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠦᠷᠨᠢᠭᠦᠯᠤᠨ᠎ᠡ᠃ ᠭᠤᠷᠪᠠ ᠳᠤ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ ᠪᠠᠶᠢᠭᠠᠳ ᠢᠷᠡᠬᠦ ᠵᠢᠯ ᠢ ᠲᠥᠯᠥᠪᠵᠢᠭᠦᠯᠵᠦ᠂ ᠬᠠᠮᠤᠭ ᠰᠢᠨ᠎ᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ 2024 ᠣᠨ ᠤ ︽ᠭᠤᠷᠪᠠ ᠶᠢ ᠲᠡᠮᠡᠴᠡᠨ ᠤᠯᠬᠤ︾ ᠠᠵᠢᠯ ᠤᠨ ᠳᠤᠲᠠᠭᠤᠳᠠᠯ ᠢᠶᠠᠷ ᠭᠠᠷᠲᠠᠬᠤ ᠴᠡᠭ ᠪᠣᠯᠭᠠᠵᠤ᠂ 2025 ᠣᠨ ᠤ ᠬᠤᠳᠠ ᠶᠢᠨ ᠬᠠᠮᠢᠶᠠᠷᠤᠯᠲᠠ ᠶᠢᠨ ᠠᠵᠢᠯ ᠢ ᠭᠦᠨᠵᠡᠭᠡᠢ ᠪᠣᠳᠠᠲᠠᠢ ᠲᠥᠯᠥᠪᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ᠂ ᠬᠥᠨᠳᠡᠯᠡᠨ ᠭᠤᠯᠳᠤ ᠵᠡᠭᠡᠯᠢ ᠶᠢ ᠲᠡᠰ ᠳᠡᠪᠰᠢᠭᠦᠯᠦᠨ ᠥᠭᠡᠷᠡᠴᠢᠯᠡᠬᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠵᠡᠷᠭᠡ ᠲᠠᠯ᠎ᠠ ᠶᠢᠨ ︽ᠬᠠᠮᠤᠭ ᠤᠨ ᠰᠢᠯᠢᠳᠡᠭ ᠲᠠᠶᠢᠯᠪᠤᠷᠢ︾ ᠶᠢ ᠴᠢᠷᠮᠠᠶᠢᠨ ᠡᠷᠢᠬᠦ ᠬᠡᠷᠡᠭᠲᠡᠢ᠃    ᠬᠤᠷᠠᠯ ᠠᠴᠠ᠂ ᠪᠦᠬᠦ ᠲᠤᠪᠴᠢᠶᠠᠨ ᠤ ᠺᠠᠳ᠋ᠷ ᠠᠵᠢᠯᠳᠠᠨ ︽ᠵᠢᠦ ᠶᠤᠸᠠᠨ ᠢ ᠲᠠᠬᠢᠨ ᠪᠦᠲᠤᠭᠡᠵᠤ᠂ ᠭᠡᠷᠡᠯ ᠰᠠᠴᠤᠷᠠᠩᠭᠤᠢ ᠦᠢᠯᠡᠰ ᠢ ᠳᠠᠬᠢᠨ ᠴᠣᠭᠴᠠᠯᠠᠬᠤ︾ ᠪᠠᠲᠤ ᠢᠲᠡᠭᠡᠯ ᠢ ᠨᠢᠭᠲᠠᠷᠠᠭᠤᠯᠵᠤ᠂ ᠯᠠᠪᠳᠠᠭᠤᠨ ᠪᠠᠲᠤᠲᠠᠢ᠂ ᠰᠢᠷᠭᠠᠭᠤ ᠬᠠᠲᠠᠭᠤᠵᠢᠯᠲᠠᠢ ᠠᠵᠢᠯᠯᠠᠬᠤ ᠬᠡᠷᠡᠭᠲᠡᠢ ᠭᠡᠵᠦ ᠤᠷᠢᠶᠠᠯᠠᠪᠠ᠃ ᠬᠤᠳᠠ ᠶᠢᠨ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠭᠤᠶᠤ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠠᠮᠢᠳᠤᠯᠢᠭ ᠣᠳᠣᠬᠢᠴᠢᠯᠠᠭᠰᠠᠨ ᠭᠤᠣᠯ ᠬᠤᠳᠠ ᠶᠢᠨ ᠲᠣᠭᠤᠷᠢᠭ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃
222222.jpg
   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号