︽ᠬᠦᠡᠭ ᠯᠠ ᠯᠠ᠂ ᠬᠤᠸᠠ ᠯᠠ ᠯᠠ︾ ᠴᠠᠬᠢᠯᠭᠠᠨ ᠭᠤᠲᠤᠩ ᠤᠨ ᠳᠠᠭᠤᠨ ᠢ ᠳᠠᠭᠠᠯᠳᠤᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠲᠣᠣᠷ ᠲᠤ ᠣᠷᠣᠭᠤᠯᠬᠤ | ᠠᠵᠢᠯ ᠤᠷᠤᠭᠰᠢᠲᠠᠶ ᠳᠠᠭᠤᠰᠴᠤ᠂ ᠰᠢᠷ᠎ᠠ ᠨᠤᠷᠡ ᠶᠢᠨ ᠭᠤᠣᠯ ᠤᠨᠪᠣᠬᠢᠷ ᠤᠰᠤᠨ ᠤ ᠬᠥᠭᠡᠷᠭᠡ ᠶᠢᠨ ᠥᠷᠲᠡᠭᠡ ᠴᠤ | ᠳᠠᠭᠠᠯᠳᠤᠨ ᠨᠤᠷᠠᠭᠠᠭᠳᠠᠵᠤ᠂ ᠵᠢᠦ ᠶᠤᠸᠠᠨ ᠲᠣᠭᠤᠷᠢᠭ ᠤᠨ ᠪᠠᠰᠠ ᠨᠢᠭᠡ ᠲᠡᠦᠬᠡᠨ ᠠᠴᠠ ᠦᠯᠡᠳᠡᠭᠳᠡᠵᠦ ᠢᠷᠡᠭᠰᠡᠨ | ᠭᠤᠤᠯ ᠤᠨ ᠵᠠᠮ ᠤᠨ ᠳᠥᠷᠪᠡᠨ ᠡᠮᠬᠢ ᠵᠠᠮᠪᠠᠷᠠᠭ᠎ᠠ ᠥᠬᠡᠶ ᠠᠰᠠᠭᠤᠳᠠᠯ ᠲᠦᠢᠯᠪᠤᠷᠢᠲᠠᠶ ᠰᠢᠢᠳᠪᠣᠷᠢᠯᠡᠭᠳᠡᠪᠡ᠃ | | | | ᠰᠢᠷ᠎ᠠ ᠨᠤᠷᠡ ᠶᠢᠨ ᠭᠤᠣᠯ ᠤᠨ ᠲᠦᠷ ᠴᠠᠭ ᠤᠨ ᠪᠣᠬᠢᠷ ᠤᠰᠤ ᠶᠢ ᠳᠡᠭᠡᠭᠰᠢᠯᠡᠭᠦᠯᠬᠦ ᠬᠥᠭᠡᠷᠭᠡ ᠶᠢᠨ ᠥᠷᠲᠡᠭᠡ ᠶᠢ | 2013 ᠣᠨ ᠳᠤ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ | ᠪᠦᠬᠦᠯᠢ ᠴᠣᠭᠴᠠ ᠶᠢᠨ ᠢᠨᠵᠧᠨᠧᠷᠢᠩ ᠢ ᠳᠠᠭᠠᠵᠤ ᠬᠠᠮᠲᠤ ᠳᠤᠨᠢ ᠢᠵᠢ ᠪᠦᠷᠢᠳᠦᠭᠦᠯᠦᠨ ᠪᠠᠶᠢᠭᠤᠯᠤᠭᠰᠠᠨ ᠶᠤᠮ᠃ | ᠳᠣᠣᠷᠠᠳᠤ ᠤᠷᠤᠰᠬᠠᠯ ᠤᠨ ᠪᠣᠬᠢᠷ ᠤᠰᠤᠨ ᠤ ᠬᠤᠭᠤᠯᠠᠶ ᠨᠢ ᠠᠰᠢᠭᠯᠠᠯᠲᠠ ᠳᠤ ᠣᠷᠣᠵᠤ ᠳᠡᠶᠢᠯᠬᠦ ᠦᠭᠡᠢ ᠠᠴᠠ | ᠪᠣᠯᠵᠤ᠂ ᠰᠢᠷ᠎ᠠ ᠨᠤᠷᠡ ᠶᠢᠨ ᠭᠤᠣᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ | ᠲᠣᠭᠤᠷᠢᠭ ᠤᠨ ᠲᠦᠷ ᠴᠠᠭ ᠤᠨ ᠪᠣᠬᠢᠷ ᠤᠰᠤ ᠶᠢ ᠳᠡᠭᠡᠭᠰᠢᠯᠡᠭᠦᠯᠬᠦ ᠬᠥᠭᠡᠷᠭᠡ ᠶᠢᠨ ᠥᠷᠲᠡᠭᠡ ᠶᠢ ᠣᠲᠣ ᠪᠣᠯᠲᠠᠯ᠎ᠠ | ᠬᠡᠷᠡᠭᠰᠡᠵᠦ᠂ ᠣᠯᠠᠨ ᠵᠢᠯ ᠤᠨ ᠦᠯᠡᠳᠡᠭᠳᠡᠵᠦ ᠢᠷᠡᠭᠰᠡᠨ ᠬᠦᠴᠢᠷ ᠠᠰᠠᠭᠤᠳᠠᠯ ᠳᠤ ᠬᠠᠷᠢᠶᠠᠯᠠᠭᠳᠠᠨ᠎ᠠ᠃ | ᠡᠨᠡ ᠵᠢᠯ ᠠᠴᠠ ᠨᠠᠰᠢ᠂ ᠵᠢᠦ ᠶᠤᠸᠠᠨ ᠲᠣᠭᠤᠷᠢᠭ ᠤᠨ ᠭᠤᠣᠯ ᠤᠨ ᠳᠠᠷᠤᠭ᠎ᠠ ᠶᠢᠨ ᠠᠯᠪᠠᠨ ᠭᠡᠷ ᠣᠯᠠᠨ | ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠭᠰᠠᠨ ᠠᠵᠢᠯᠯᠠᠭ᠎ᠠ ᠶᠢ | ᠣᠯᠠᠨ ᠤᠳᠠᠭ᠎ᠠ ᠵᠣᠬᠢᠶᠠᠨ ᠪᠠᠶᠢᠭᠤᠯᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ | ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠲᠣᠭᠲᠠᠴᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ︽ᠬᠠᠪᠤᠷ ᠤᠨ ᠤᠯᠠᠷᠢᠯ ᠤᠨ ᠠᠵᠢᠯᠯᠠᠭ᠎ᠠ︾᠂ ︽ᠭᠤᠷᠪᠠᠨ ᠳᠠᠷᠤᠭ᠎ᠠ ᠬᠤᠯᠪᠣᠭᠠᠯᠠᠨ | ᠬᠥᠳᠡᠯᠦᠯᠴᠡᠬᠦ︾᠂ ︽ᠨᠠᠮᠤᠷ ᠤᠨ ᠤᠯᠠᠷᠢᠯ ᠤᠨ ᠠᠵᠢᠯᠯᠠᠭ᠎ᠠ︾ ᠵᠡᠷᠭᠡ ᠣᠯᠠᠨ ᠲᠤᠰᠬᠠᠢ ᠠᠵᠢᠯᠯᠠᠭ᠎ᠠ ᠶᠢ ᠠᠰᠢᠭᠯᠠᠨ᠂ | ᠰᠠᠯᠠᠭ᠎ᠠ ᠮᠥᠴᠢᠷ ᠠᠯᠤᠰᠯᠠᠭᠰᠠᠨ᠂ ᠣᠯᠠᠨ ᠭᠤᠣᠯ ᠴᠣᠭᠴᠠ ᠶᠢᠨ ᠬᠠᠮᠵᠢᠯᠴᠠᠬᠤ ᠵᠠᠭᠪᠤᠷ ᠢ ᠲᠠᠰᠤᠷᠠᠯᠲᠠ ᠥᠬᠡᠶ | ᠰᠢᠨᠡᠴᠢᠯᠡᠪᠡ᠃ ᠡᠭᠦᠨ ᠤ ᠬᠠᠮᠲᠤ᠂ ᠮᠠᠨ ᠤ ᠲᠣᠪᠴᠢᠶ᠎ᠠ ᠡᠯ᠎ᠡ ᠰᠠᠯᠠᠭ᠎ᠠ ᠮᠥᠴᠢᠷ ᠢ ᠲᠠᠰᠤᠷᠠᠯᠲᠠ ᠥᠬᠡᠶ | ᠵᠣᠬᠢᠴᠠᠭᠤᠯᠵᠤ᠂ ᠲᠠᠶᠢᠯᠬᠤ ᠰᠡᠳᠬᠢᠬᠦᠢ ᠶᠢ ᠠᠰᠢᠭᠯᠠᠨ ᠳᠣᠣᠷᠠᠳᠤ ᠤᠷᠤᠰᠬᠠᠯ ᠤᠨ ᠬᠤᠭᠤᠯᠠᠢ ᠶᠢᠨ ᠪᠦᠲᠦᠭᠡᠨ | ᠪᠠᠶᠢᠭᠤᠯᠤᠯᠲᠠ ᠳᠤ ᠲᠡᠮᠦᠷ ᠵᠠᠮ ᠤᠨ ᠬᠠᠶᠢᠷᠴᠠᠭ ᠰᠠᠪᠠᠯᠠᠬᠤ ᠭᠠᠷᠳᠠᠮ ᠭᠦᠢᠴᠡᠳᠬᠡᠬᠦ ᠵᠢᠴᠢ ᠨᠠᠷᠢᠨ ᠪᠤᠳᠤᠯᠢᠶᠠᠨᠲᠠᠢ | ᠭᠠᠵᠠᠷ ᠰᠢᠨᠵᠢᠯᠡᠭᠡᠨ ᠤ ᠨᠥᠬᠦᠴᠡᠯ ᠢ ᠢᠯᠠᠨ ᠳᠠᠪᠠᠭ᠋ᠤ ᠶᠢᠨ ᠬᠠᠮᠲᠤ ᠪᠠᠷᠢᠯᠭ᠎ᠠ ᠶᠢᠨ ᠭᠠᠵᠠᠷ ᠲᠤ ᠣᠯᠠᠨ ᠤᠳᠠᠭ᠎ᠠ | ᠬᠦᠷᠴᠦ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠳᠠᠪᠬᠤᠷ ᠳᠠᠪᠬᠤᠷ ᠬᠦᠴᠢᠷ | ᠠᠰᠠᠭᠤᠳᠠᠯ ᠢ ᠳᠠᠪᠠᠵᠤ ᠴᠢᠳᠠᠭᠰᠠᠨ ᠠᠴᠠ᠂ ᠡᠴᠦᠰ ᠲᠡᠭᠡᠨ ᠡᠨᠡ ᠬᠦ ᠲᠡᠦᠬᠡ ᠶᠢᠨ ᠦᠯᠡᠳᠡᠭᠳᠡᠯ ᠳᠥᠷᠪᠡᠨ ᠡᠮᠬᠢ | ᠵᠠᠮᠪᠠᠷᠠᠭ᠎ᠠ ᠦᠭᠡᠢ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠦᠷᠢᠶᠡᠯᠡᠩ ᠲᠣᠭᠤᠷᠢᠭ ᠤᠨ ᠡᠷᠬᠢᠯᠡᠭᠴᠢ ᠬᠡᠯᠡᠬᠦ ᠳᠡᠭᠡᠨ᠄ ︽ᠪᠢᠳᠡ ᠤᠰᠤ ᠬᠡᠷᠡᠭᠯᠡᠵᠦ ᠤᠰᠤ ᠵᠠᠯᠠᠬᠤ ᠳᠤ ᠴᠦ | ᠳᠥᠭᠦᠮ ᠪᠣᠯᠵᠠᠢ᠂ ᠬᠦᠷᠢᠶᠡᠯᠡᠩ ᠲᠣᠭᠤᠷᠢᠭ ᠤᠨ ᠭᠤᠣᠯ ᠤᠨ ᠵᠠᠮ ᠤᠨ ᠣᠷᠴᠢᠨ ᠲᠣᠭᠤᠷᠢᠨ ᠴᠤ ᠭᠤᠶᠣ ᠰᠠᠶᠢᠬᠠᠨ | ᠪᠣᠯᠵᠣ᠂ ᠮᠠᠨ ᠤ ᠣᠯᠠᠨ ᠵᠢᠯ ᠭᠠᠴᠢᠭᠳᠠᠵᠤ ᠪᠠᠢᠭᠰᠠᠨ ᠠᠰᠠᠭᠤᠳᠠᠯ ᠢ ᠡᠴᠦᠰ ᠲᠡᠭᠡᠨ ᠲᠦᠢᠯᠪᠤᠷᠢᠲᠠᠢ | ᠰᠢᠢᠳᠪᠦᠷᠢᠯᠡᠪᠡ︕︾ ᠭᠡᠵᠡᠢ᠃ | ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠭᠤᠣᠯ ᠤᠨ ᠳᠠᠷᠤᠭ᠎ᠠ ᠶᠢᠨ ᠠᠯᠪᠠᠨ ᠭᠡᠷ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠰᠢᠢᠳᠪᠦᠷᠢᠯᠡᠬᠦ | ᠰᠡᠳᠬᠢᠬᠦᠢ ᠪᠠᠷ ᠠᠰᠠᠭᠤᠲᠠᠯ ᠢ ᠰᠢᠢᠳᠪᠦᠷᠢᠯᠡᠵᠦ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠪᠠᠨ ᠭᠦᠨᠵᠡᠭᠡᠶᠢᠷᠡᠨ ᠬᠥᠭᠵᠢᠬᠦ ᠶᠢ | ᠠᠬᠢᠭᠤᠯᠵᠤ᠂ ᠭᠤᠣᠯ ᠤᠷᠤᠰᠤᠮ᠎ᠠ ᠤᠰᠤ ᠲᠤᠩᠭᠠᠯᠠᠭ᠂ ᠡᠷᠭᠢ ᠨᠣᠭᠤᠭᠠᠨ ᠦᠵᠡᠮᠵᠢ ᠰᠠᠢᠬᠠᠨ ᠦᠵᠡᠰᠭᠦᠯᠡᠩ | ᠰᠠᠶᠢᠬᠠᠨ ᠴᠥᠭᠦᠷᠥᠮ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | | | | | | | |