ᠵᠢᠥ ᠶᠤᠸᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ‍ᠨᠢ 2024 ᠣᠨ ᠤ ᠬᠤᠰᠢᠭᠤ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠭᠤᠯᠤᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/1/6
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ 2024 ᠣᠨ ᠤ ᠬᠤᠰᠢᠭᠤ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠶᠢᠨ ᠲᠤᠬᠠᠢ ᠵᠠᠷᠯᠠᠯ︾ ᠢ ᠨᠡᠶᠢᠲᠡᠯᠡᠵᠦ᠂ ᠵᠢᠦ ᠶᠤᠸᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠭᠡᠭᠰᠢ ᠮᠡᠳᠡᠭᠦᠯᠦᠭᠰᠡᠨ ︽︿ᠳᠥᠷᠪᠡ ᠶᠢ ᠠᠬᠢᠭᠤᠯᠤᠨ﹀ ᠰᠢᠨ᠎ᠡ ᠬᠥᠳᠡᠯᠭᠡᠬᠦ ᠡᠨᠧᠷᠭᠢ ᠶᠢ ᠠᠬᠢᠭᠤᠯᠬᠤ – — ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠨᠠᠮ ᠤᠨ ᠪᠠᠶᠢᠭᠤᠯᠤᠯᠲᠠ ᠪᠠᠷ ᠠᠴᠢᠶᠠᠯᠠᠪᠤᠷᠢ ᠶᠢ ᠠᠬᠢᠭᠤᠯᠬᠤ᠂ ︿ᠬᠤᠶᠠᠷ ᠢ ᠡᠯᠰᠡᠬᠦ﹀ ᠶᠢ ᠠᠬᠢᠭᠤᠯᠬᠤ᠂ ᠬᠤᠳᠠᠯᠳᠤᠭᠠᠨ ᠤ ᠬᠦᠷᠢᠶ᠎ᠡ ᠶᠢ ᠠᠬᠢᠭᠤᠯᠬᠤ᠂ ᠰᠢᠯᠢᠳᠡᠭ ᠪᠣᠯᠬᠤ ᠪᠠᠷ ᠴᠢᠷᠮᠠᠶᠢᠬᠤ ᠢᠨᠵᠧᠨᠧᠷᠢᠩ ᠶᠢ ᠠᠬᠢᠭᠤᠯᠤᠨ ᠦᠷ᠎ᠡ ᠪᠦᠲᠦᠮᠵᠢ ᠢᠯᠡᠷᠬᠡᠢ ᠰᠠᠢᠨ ᠪᠣᠯᠣᠯ᠎ᠠ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠡᠨᠡ ᠪᠣᠯ ᠥᠩᠭᠡᠷᠡᠭᠰᠡᠨ ᠳᠤ ᠵᠢᠦ ᠶᠤᠸᠠᠨ ᠲᠣᠭᠤᠷᠢᠭ ᠤᠨ ᠬᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ᠂ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠭᠰᠡᠨ ᠤ ᠳᠠᠷᠠᠭᠠᠬᠢ ᠪᠠᠰᠠ ᠨᠢᠭᠡᠨ ᠢᠷᠠᠭᠤ ᠠᠯᠳᠠᠷ ᠪᠣᠯᠤᠨ᠎ᠠ᠃    ᠡᠨᠡ ᠵᠢᠯ ᠠᠴᠠ ᠨᠠᠭᠠᠰᠢ᠂ ᠵᠢᠦ ᠶᠤᠸᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠨᠠᠮ ᠤᠨ ᠲᠥᠪ ᠬᠤᠷᠢ᠊ ᠡᠶ᠎ᠡ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠴᠢᠩᠭᠠᠳᠬᠠᠬᠤ ᠰᠠᠨᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠠᠴᠢᠶᠠᠯᠠᠪᠤᠷᠢ ᠶᠢ ᠠᠬᠢᠭᠤᠯᠬᠤ ᠂ ︽ᠬᠤᠶᠠᠷ ᠢ ᠡᠯᠰᠡᠬᠦ︾ ᠶᠢ ᠠᠬᠢᠭᠤᠯᠬᠤ᠂ ᠬᠤᠳᠠᠯᠳᠤᠭᠠᠨ ᠤ ᠬᠦᠷᠢᠶ᠎ᠡ ᠶᠢ ᠠᠬᠢᠭᠤᠯᠬᠤ᠂ ᠰᠢᠯᠢᠳᠡᠭ ᠪᠣᠯᠬᠤ ᠪᠠᠷ ᠴᠢᠷᠮᠠᠶᠢᠬᠤ ᠪᠠᠷ ᠭᠤᠣᠯ ᠠᠭᠤᠯᠭ᠎ᠠ ᠪᠣᠯᠭᠠᠭᠰᠠᠨ ᠨᠠᠮ ᠤᠨ ᠪᠠᠶᠢᠭᠤᠯᠤᠯᠲᠠ ᠶᠢᠨ ︽ᠳᠥᠷᠪᠡ ᠶᠢ ᠠᠬᠢᠭᠤᠯᠬᠤ︾ ᠢᠨᠵᠧᠨᠧᠷᠢᠩ ᠢ ᠪᠣᠯᠪᠠᠰᠤᠷᠠᠭᠤᠯᠤᠨ ᠬᠡᠷᠡᠭᠵᠢᠭᠦᠯᠦᠭᠰᠡᠨ ᠪᠥᠭᠡᠳ ᠲᠡᠭᠦᠨ ᠢ 2024 ᠣᠨ ᠤ ᠨᠠᠮ ᠤᠨ ᠪᠠᠶᠢᠭᠤᠯᠤᠯᠲᠠ ᠶᠢᠨ ︽ᠱᠦᠵᠢ ᠶᠢᠨ ᠲᠥᠷᠥᠯ ᠵᠦᠢᠯ︾ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠪᠣᠯᠤᠨ ︽ᠬᠤᠶᠠᠷ ᠡᠷᠡᠭᠦᠯ ᠮᠡᠨᠳᠦ︾ ᠶᠢᠨ ᠠᠵᠢᠯ ᠢ ᠰᠠᠶᠢᠲᠤᠷ ᠬᠢᠬᠦ ᠳᠤ ᠰᠢᠷᠭᠢᠰᠢ ᠦᠭᠡᠢ ᠬᠥᠳᠡᠯᠭᠡᠬᠦ ᠬᠦᠴᠦᠨ ᠪᠣᠯᠤᠨ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃    ᠳᠠᠷᠠᠭᠠᠴᠢ ᠶᠢᠨ ᠠᠵᠢᠯ ᠤᠨ ᠳᠤᠮᠳᠠ᠂ ᠵᠢᠦ ᠶᠤᠸᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠳᠤ ᠬᠦᠴᠦ ᠪᠠᠨ ᠲᠥᠪᠯᠡᠷᠡᠭᠦᠯᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦᠯ ᠲᠡᠮᠳᠡᠭ ᠢ ᠰᠢᠯᠢᠳᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号