2024 ᠣᠨ ᠤ ᠲᠣᠰᠬᠤᠨ ᠤ ᠱᠠᠲᠤᠨ ᠤ ᠤᠳᠤᠷᠢᠳᠬᠤ ᠪᠠᠭ ᠤᠨ ᠠᠵᠢᠯᠯᠠᠭᠠᠨ ᠪᠠ ᠲᠣᠰᠬᠤᠨ ᠤ ᠺᠠᠳ᠋ᠷ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠡᠯ᠎ᠡ | ᠲᠣᠰᠬᠤᠨ ᠤ ᠵᠢᠯ ᠤᠨ ᠠᠵᠢᠯ ᠤᠨ ᠪᠣᠳᠠᠲᠤ ᠠᠮᠵᠢᠯᠲᠠ ᠶᠢ ᠲᠥᠪ ᠭᠤᠣᠯᠴᠢ ᠪᠤᠰᠤᠳᠴᠢ ᠪᠠᠷ ᠦᠨᠡᠯᠡᠵᠦ᠂ | ᠲᠣᠰᠬᠤᠨ ᠤ ᠺᠠᠳ᠋ᠷ ᠤᠨ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ | ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠬᠤᠶᠠᠷᠬᠤᠳᠳᠤᠭ ᠪᠠᠯᠭᠠᠰᠤ ᠲᠠᠪᠤᠨ ᠬᠢᠨᠠᠨ ᠰᠢᠯᠭᠠᠬᠤ | ᠳᠤᠭᠤᠶᠢᠯᠠᠩ ᠪᠠᠶᠢᠭᠤᠯᠵᠤ᠂ ᠲᠤᠰ ᠪᠦᠷᠢ ᠪᠦᠬᠦ ᠪᠠᠯᠭᠠᠰᠤᠨ ᠤ 12 ᠵᠠᠰᠠᠭ ᠵᠠᠬᠢᠷᠭᠠᠨ ᠤ ᠲᠣᠰᠬᠤᠨ ᠳᠤ | ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠥᠷᠨᠢᠭᠦᠯᠪᠡ᠃ | ︽ᠨᠠᠷᠢᠯᠢᠭ︾ ᠢ ᠲᠡᠷᠢᠭᠦᠨ ᠳᠤ ᠲᠠᠯᠪᠢᠵᠤ᠂ ᠪᠠᠶᠢᠷᠢᠯᠠᠭᠤᠯᠤᠯᠲᠠ ᠶᠢᠨ ᠴᠢᠭᠯᠡᠯ ᠢ ᠣᠨᠣᠪᠴᠢᠲᠠᠢ ᠡᠵᠡᠮᠳᠡᠬᠦ | ᠬᠡᠷᠡᠭᠲᠡᠢ᠃ | ᠪᠠᠯᠭᠠᠰᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠲᠤᠰ ᠤᠳᠠᠭᠠᠨ ᠤ ᠬᠢᠨᠠᠨ | ᠰᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠴᠢᠯᠠᠨ ᠲᠥᠯᠥᠪᠵᠢᠭᠦᠯᠬᠦ ᠪᠠ | ᠪᠠᠶᠢᠷᠢᠯᠠᠭᠤᠯᠬᠤ ᠪᠠᠷ ᠳᠠᠮᠵᠢᠭᠤᠯᠤᠨ᠂ ᠡᠯ᠎ᠡ ᠲᠣᠰᠬᠤᠨ ᠤ ᠵᠢᠯ ᠤᠨ ᠡᠬᠢᠨ ᠳᠤ ᠲᠣᠭᠲᠠᠭᠠᠭᠰᠠᠨ ᠡᠭᠦᠷᠭᠡ ᠶᠢᠨ | ᠲᠣᠭᠤᠷᠢᠨ ᠳᠤ᠂ ᠪᠦᠬᠦ ᠵᠢᠯ ᠤᠨ ᠠᠵᠢᠯ ᠤᠨ ᠭᠤᠣᠯᠳᠠᠯᠭ᠎ᠠ ᠲᠠᠢ ᠤᠶᠠᠯᠳᠤᠭᠤᠯᠤᠨ᠂ ︽ᠬᠤᠶᠠᠷᠬᠤᠳᠳᠤᠭ | ᠪᠠᠯᠭᠠᠰᠤ ᠶᠢᠨ ᠲᠣᠰᠬᠤᠨ ᠤ ᠱᠠᠲᠤᠨ ᠤ ᠤᠳᠤᠷᠢᠳᠬᠤ ᠪᠠᠭ ᠵᠢᠴᠢ ᠪᠦᠷᠢᠯᠳᠦᠬᠦᠨ ᠤ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠡᠭᠦᠨ ᠤ ᠬᠠᠮᠲᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠲᠣᠰᠬᠤᠨ ᠤ ᠱᠠᠲᠤᠨ ᠤ ᠬᠢᠨᠠᠨ ᠰᠢᠯᠭᠠᠬᠤ ᠵᠠᠭᠪᠤᠷ ᠢ ᠰᠢᠯᠢᠳᠡᠭᠵᠢᠭᠦᠯᠦᠨ ᠳᠡᠰ | ᠳᠡᠪᠰᠢᠭᠦᠯᠵᠦ᠂ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ | ᠳᠥᠭᠦᠮᠴᠢᠯᠡᠵᠦ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠳᠠᠯᠠᠵᠤ᠂ ᠬᠢᠨᠠᠨ ᠰᠢᠯᠭᠠᠬᠤ ᠠᠵᠢᠯ ᠢ ᠨᠠᠷᠢᠨ | ᠨᠠᠶᠢᠳᠠᠪᠤᠷᠢᠵᠢᠭᠤᠯᠵᠤ᠂ ᠬᠠᠰᠢ ᠶᠠᠰᠢ ᠥᠩᠭᠡᠷᠡᠭᠦᠯᠬᠦ ᠦᠭᠡᠢ ᠪᠠᠶᠢᠬᠤ ᠶᠢ ᠪᠡᠶᠡᠯᠡᠭᠦᠯᠪᠡ᠃ | | | | ︽ᠪᠣᠳᠠᠲᠠᠢ︾ ᠶᠢ ᠲᠡᠷᠢᠭᠦᠨ ᠳᠤ ᠲᠠᠯᠪᠢᠵᠤ᠂ ᠰᠢᠯᠭᠠᠨ ᠬᠢᠨᠠᠬᠤ ᠪᠣᠳᠠᠲᠤ ᠦᠷ᠎ᠡ ᠪᠦᠲᠦᠮᠵᠢ ᠶᠢ ᠰᠠᠶᠢᠲᠤᠷ | ᠠᠳᠬᠤᠨ᠎ᠠ᠃ | ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠭᠤᠣᠯᠳᠠᠯᠭ᠎ᠠ ᠲᠠᠢ ᠠᠵᠢᠯ ᠤᠨ | ᠲᠣᠭᠤᠷᠢᠨ ᠳᠤ᠂ ᠬᠢᠨᠠᠨ ᠰᠢᠯᠭᠠᠬᠤ ᠳᠤᠭᠤᠶᠢᠯᠠᠩ ᠳᠤ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ | ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠪᠣᠳᠠᠲᠤ ᠠᠵᠢᠯ ᠤᠨ ᠠᠮᠵᠢᠯᠲᠠ ᠪᠠᠨ ᠢᠯᠡ ᠪᠣᠯᠭᠠᠵᠤ᠂ | ᠡᠭᠦᠳᠡ ᠨᠡᠭᠡᠭᠡᠵᠦ ᠠᠭᠤᠯᠠ ᠶᠢ ᠦᠵᠡᠵᠦ ᠠᠰᠠᠭᠤᠳᠠᠯ ᠢ ᠶᠠᠷᠢᠯᠴᠠᠵᠤ᠂ ᠥᠪᠡᠷ ᠤᠨ ᠪᠡᠶ᠎ᠡ ᠠᠴᠠ ᠪᠠᠨ | ᠰᠢᠯᠲᠠᠭᠠᠨ ᠢᠶᠠᠨ ᠡᠷᠢᠵᠦ᠂ ᠠᠰᠠᠭᠤᠯᠲᠠ ᠳᠤ ᠲᠠᠭᠠᠷᠠᠭᠤᠯᠤᠨ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠪᠠᠨ | ᠦᠨᠡᠨ ᠬᠦ ᠲᠣᠭᠠᠴᠢᠵᠤ᠂ ᠳᠠᠷᠤᠯᠲᠠ ᠢᠶᠠᠨ ᠲᠣᠭᠠᠴᠢᠵᠤ᠂ ᠡᠷᠴᠢ ᠵᠣᠷᠢᠭ ᠢᠶᠠᠨ ᠲᠣᠭᠠᠴᠢᠪᠠ᠃ ᠡᠭᠦᠨ ᠤ ᠳᠠᠷᠠᠭ᠎ᠠ | ᠬᠤᠷᠠᠯ ᠳᠤ ᠣᠷᠣᠯᠴᠠᠭᠰᠠᠳ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠤ ᠠᠵᠢᠯᠯᠠᠭᠠᠨ ᠤ | ᠪᠠᠶᠢᠳᠠᠯ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠲᠤᠬᠠᠢ ᠶᠢᠨ ᠲᠠᠯᠠᠪᠠᠢ ᠶᠢ | ᠠᠷᠠᠳᠴᠢᠯᠠᠯ ᠢᠶᠠᠷ ᠰᠢᠯᠭᠠᠨ ᠦᠨᠡᠯᠡᠪᠡ᠃ ᠲᠣᠰᠬᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠨᠠᠮ ᠤᠨ | ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠰᠡᠳᠬᠢᠯ ᠤᠨ ᠦᠭᠡ ᠪᠠᠨ ᠶᠠᠷᠢᠯᠴᠠᠬᠤ ᠶᠠᠪᠤᠴᠠ ᠳᠤ᠂ | ᠬᠢᠨᠠᠨ ᠰᠢᠯᠭᠠᠬᠤ ᠳᠤᠭᠤᠶᠢᠯᠠᠩ ᠤᠳᠤᠷᠢᠳᠬᠤ ᠪᠠᠭ ᠤᠨ ᠠᠵᠢᠯᠯᠠᠭᠠᠨ ᠤ ᠪᠠᠶᠢᠳᠠᠯ ᠵᠢᠴᠢ ᠲᠣᠰᠬᠤᠨ ᠤ ᠺᠠᠳ᠋ᠷ ᠤᠨ | ᠠᠵᠢᠯ ᠤᠨ ᠴᠢᠳᠠᠪᠤᠷᠢ ᠪᠣᠯᠤᠨ ᠠᠵᠢᠯ ᠤᠨ ᠢᠯᠡᠷᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠭᠡᠰᠢᠭᠦᠨ | ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠯᠭᠠᠰᠤᠨ ᠤ ᠨᠠᠮ ᠤᠨ ᠬᠤᠷᠢᠶᠠᠨ ᠤ | ᠤᠳᠤᠷᠢᠳᠬᠤ ᠪᠠᠭ ᠤᠨ ᠠᠵᠢᠯᠯᠠᠭᠠᠨ ᠤ ᠪᠠᠶᠢᠳᠠᠯ ᠵᠢᠴᠢ ᠲᠣᠰᠬᠤᠨ ᠤ ᠱᠠᠲᠤᠨ ᠤ ᠠᠵᠢᠯ ᠢ ᠥᠷᠨᠢᠭᠦᠯᠦᠭᠰᠡᠨ | ᠪᠠᠶᠢᠳᠠᠯ ᠢ ᠣᠨᠣᠪᠴᠢᠲᠠᠢ ᠬᠢᠨᠠᠨ ᠲᠣᠭᠲᠠᠭᠠᠬᠤ ᠳᠤ ᠪᠣᠳᠠᠲᠤ ᠶᠠᠪᠤᠳᠠᠯ ᠤᠨ ᠦᠨᠳᠦᠰᠦ ᠪᠠᠷᠢᠮᠲᠠ ᠬᠠᠩᠭᠠᠪᠠ᠃ | ᠰᠢᠯᠭᠠᠨ ᠬᠢᠨᠠᠬᠤ ᠠᠵᠢᠯ ᠳᠠᠭᠤᠰᠤᠭᠰᠠᠨ ᠤ ᠳᠠᠷᠠᠭ᠎ᠠ᠂ ᠰᠢᠯᠭᠠᠨ ᠬᠢᠨᠠᠬᠤ ᠳᠤᠭᠤᠶᠢᠯᠠᠩ ᠰᠢᠯᠭᠠᠨ ᠬᠢᠨᠠᠬᠤ ᠳᠤᠮᠳᠠ | ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠡᠯ᠎ᠡ ᠲᠣᠰᠬᠤᠨ ᠢ ᠪᠠᠷᠢᠮᠵᠢᠶ᠎ᠠ ᠲᠠᠢ | ᠬᠠᠷᠭᠤᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠲᠣᠰᠬᠤᠨ ᠤ ᠱᠠᠲᠤᠨ ᠤ ᠰᠢᠯᠭᠠᠨ ᠬᠢᠨᠠᠬᠤ ᠶᠢ | ᠦᠨᠡᠨ ᠬᠦ ᠲᠣᠰᠬᠤᠨ ᠤ ᠺᠠᠳ᠋ᠷ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠬᠥᠭᠵᠢᠭᠡᠬᠦ ᠬᠥᠳᠡᠯᠭᠡᠬᠦ | ᠬᠦᠴᠦᠨ ᠤ ᠡᠬᠢ ᠰᠤᠷᠪᠤᠯᠵᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | | | | ︽ᠣᠨᠣᠪᠴᠢᠲᠠᠢ︾ ᠪᠠᠶᠢᠵᠤ᠂ ᠰᠢᠯᠭᠠᠨ ᠬᠢᠨᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃ | ᠪᠠᠯᠭᠠᠰᠤᠨ ᠤ ᠨᠠᠮ ᠤᠨ ᠬᠣᠷᠢᠶ᠎ᠠ ᠲᠤᠰ ᠤᠳᠠᠭᠠᠨ ᠤ ᠵᠢᠯ ᠤᠨ ᠡᠴᠦᠰ ᠤᠨ ᠪᠣᠳᠠᠲᠤ | ᠠᠮᠵᠢᠯᠲᠠ ᠶᠢ ᠬᠢᠨᠠᠨ ᠰᠢᠯᠭᠠᠬᠤ ᠪᠠᠷ ᠠᠵᠠ ᠲᠣᠬᠢᠶᠠᠯ ᠪᠣᠯᠭᠠᠵᠤ᠂ ᠡᠯ᠎ᠡ ᠲᠣᠰᠬᠤᠨ ᠤ ᠣᠨᠴᠠᠯᠢᠭ ᠲᠠᠢ ᠭᠢᠯᠠᠰ | ᠴᠡᠭ ᠤᠨ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠬᠦ ᠶᠢᠨ ᠬᠠᠮᠲᠤ | ᠵᠢᠯ ᠤᠨ ᠬᠢᠨᠠᠨ ᠰᠢᠯᠭᠠᠭᠰᠠᠨ ᠦᠷ᠎ᠡ ᠳ᠋ᠦᠩ ᠢ ᠠᠮᠵᠢᠯᠲᠠ ᠪᠦᠲᠦᠮᠵᠢ ᠶᠢᠨ ᠴᠠᠯᠢᠩ ᠢ ᠦᠨᠡᠯᠡᠨ ᠲᠣᠭᠲᠠᠭᠠᠬᠤ᠂ | ᠰᠢᠯᠢᠳᠡᠭ ᠲᠡᠷᠢᠭᠦᠨ ᠶᠢ ᠰᠢᠯᠭᠠᠷᠠᠭᠤᠯᠬᠤ ᠲᠠᠢ ᠬᠤᠯᠪᠣᠭᠳᠠᠭᠤᠯᠵᠤ᠂ ᠱᠠᠩᠨᠠᠵᠤ ᠲᠣᠷᠭᠠᠬᠤ ᠶᠢ ᠴᠠᠭ ᠲᠤᠬᠠᠢ ᠳᠤᠨᠢ | ᠪᠡᠶᠡᠯᠡᠭᠦᠯᠵᠦ᠂ ᠲᠣᠰᠬᠤᠨ ᠤ ᠺᠠᠳ᠋ᠷ ᠤᠨ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ | ᠳᠠᠶᠢᠴᠢᠯᠠᠨ᠂ ᠲᠣᠰᠬᠤᠨ ᠤ ᠱᠠᠲᠤᠨ ᠤ ᠺᠠᠳ᠋ᠷ ᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠵᠦ᠂ ᠠᠵᠢᠯ ᠬᠢᠬᠦ ᠴᠢᠭᠯᠡᠯ ᠲᠠᠢ᠂ ᠠᠵᠢᠯ ᠬᠢᠨᠠᠬᠤ ᠰᠢᠯᠭᠠᠯᠲᠠ ᠲᠠᠢ᠂ | ᠰᠢᠯᠢᠳᠡᠭ ᠮᠠᠭᠤ ᠶᠢ ᠱᠠᠩᠨᠠᠵᠤ ᠲᠣᠷᠭᠠᠬᠤ ᠠᠵᠢᠯ ᠤᠨ ᠪᠠᠶᠢᠷᠢᠰᠢᠯ ᠢ ᠪᠣᠢ ᠪᠣᠯᠭᠠᠵᠤ᠂ 2025 ᠣᠨ ᠳᠤ ᠪᠦᠬᠦ | ᠪᠠᠯᠭᠠᠰᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠲᠥᠯᠥᠪᠵᠢᠭᠦᠯᠦᠨ ᠪᠠᠶᠢᠷᠢᠯᠠᠭᠤᠯᠵᠤ᠂ | ᠰᠠᠶᠢᠲᠤᠷ ᠡᠬᠢᠯᠡᠭᠦᠯᠬᠦ ᠪᠠᠲᠤ ᠪᠠᠬᠢ ᠰᠠᠭᠤᠷᠢ ᠶᠢ ᠲᠠᠯᠪᠢᠪᠠ᠃ | | | | | | | | | | | | | | | |