ᠬᠤᠶᠠᠷᠬᠤᠳᠳᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠣᠯᠣᠨ ᠡᠮ ᠤᠨ ᠵᠦᠢᠯ ᠭᠤᠶᠣᠯᠠᠯ ᠤᠨ ᠡᠳ᠋ ᠬᠢᠨᠠᠯᠲᠠ ᠬᠠᠮᠢᠶᠠᠷᠤᠯᠲᠠ ᠶᠢᠨ ᠲᠠᠰᠤᠭ ᠬᠠᠮᠲᠤᠷᠠᠨ ᠡᠮ ᠤᠨ ᠵᠦᠢᠯ ᠪᠠ ᠡᠮ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/1/7
    2025 ᠣᠨ ᠤ 1 ᠰᠠᠷ᠎ᠠ ᠶᠢᠨ 2 ᠤᠨ ᠡᠳᠦᠷ᠂ ᠬᠤᠶᠠᠷᠬᠤᠳᠳᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠣᠯᠣᠨ ᠡᠮ ᠤᠨ ᠵᠦᠢᠯ ᠭᠤᠶᠣᠯᠠᠯ ᠤᠨ ᠡᠳ᠋ ᠬᠢᠨᠠᠯᠲᠠ ᠬᠠᠮᠢᠶᠠᠷᠤᠯᠲᠠ ᠶᠢᠨ ᠲᠠᠰᠤᠭ ᠬᠠᠮᠲᠤᠷᠠᠨ ᠬᠤᠶᠠᠷᠬᠤᠳᠳᠤᠭ ᠪᠠᠯᠭᠠᠰᠤᠨ ᠤ ᠡᠮ ᠤᠨ ᠳᠡᠯᠭᠡᠭᠦᠷ ᠲᠤ ᠬᠦᠷᠴᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠳᠤ ᠪᠠᠶᠢᠴᠠᠭᠠᠯᠲᠠ ᠥᠷᠨᠢᠭᠦᠯᠪᠡ᠃ ᠲᠤᠰ ᠤᠳᠠᠭ᠎ᠠ ᠡᠯ᠎ᠡ ᠵᠦᠢᠯ ᠤᠨ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠲᠣᠭᠲᠠᠭᠠᠯ ᠶᠣᠰᠣᠭᠠᠷ ᠬᠠᠳᠠᠭᠠᠯᠠᠭᠰᠠᠨ ᠡᠰᠡᠬᠦ᠂ ᠬᠦᠴᠦᠨ ᠲᠠᠢ ᠬᠤᠭᠤᠴᠠᠭᠠᠨ ᠳᠤ ᠪᠣᠷᠣᠯᠠᠭᠤᠯᠤᠭᠰᠠᠨ ᠡᠰᠡᠬᠦ᠂ ᠳᠡᠯᠭᠡᠭᠦᠷ ᠤᠨ ᠳᠣᠲᠣᠷᠠᠬᠢ ᠲᠥᠬᠦᠭᠡᠷᠦᠮᠵᠢ ᠶᠢ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠤᠭᠰᠠᠨ ᠡᠰᠡᠬᠦ᠂ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠦᠴᠦᠨ ᠲᠠᠢ ᠬᠤᠭᠤᠴᠠᠭᠠᠨ ᠳᠣᠲᠣᠷ᠎ᠠ ᠪᠠᠶᠢᠴᠠᠭᠠᠯᠲᠠ ᠬᠢᠭᠰᠡᠨ ᠡᠰᠡᠬᠦ ᠶᠢ ᠪᠠᠶᠢᠴᠠᠭᠠᠪᠠ᠃ ᠲᠡᠷᠡᠴᠢᠯᠡᠨ ᠵᠣᠷ ᠤᠨ ᠡᠮ ᠨᠢ ᠵᠣᠷ ᠤᠨ ᠶᠣᠰᠣᠭᠠᠷ ᠪᠣᠷᠣᠯᠠᠭᠤᠯᠤᠭᠰᠠᠨ ᠡᠰᠡᠬᠦ ᠳᠤ ᠪᠠᠶᠢᠴᠠᠭᠠᠯᠲᠠ ᠬᠢᠵᠦ᠂ ᠡᠮ ᠤᠨ ᠵᠣᠷ ᠦᠭᠡᠢ ᠪᠠᠷ  ᠪᠣᠷᠣᠯᠠᠭᠤᠯᠤᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠬᠤ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠳᠡᠯᠭᠡᠭᠦᠷ ᠤᠨ ᠪᠣᠷᠣᠯᠠᠭᠤᠯᠬᠤ ᠣᠷᠣᠨ ᠪᠠ ᠬᠥᠮᠥᠷᠭᠡ ᠳᠤ ᠴᠥᠮ ᠨᠠᠷᠢᠨ ᠪᠠᠶᠢᠴᠠᠭᠠᠯᠲᠠ ᠬᠢᠵᠦ᠂ ᠨᠠᠷᠢᠨ ᠵᠦᠢᠯᠡᠰ ᠨᠢᠭᠡᠪᠦᠷᠢ ᠶᠢ ᠵᠦᠭᠡᠷ ᠲᠠᠯᠪᠢᠬᠤ ᠦᠭᠡᠢ᠂ ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠲᠤᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠨᠡᠶᠢᠲᠡ 8 ᠬᠥᠮᠦᠨ ᠤᠳᠠᠭ᠎ᠠ ᠪᠠᠶᠢᠴᠠᠭᠠᠯᠲᠠ ᠬᠢᠵᠦ᠂ ᠣᠯᠠᠨ ᠡᠮ ᠤᠨ ᠳᠡᠯᠭᠡᠭᠦᠷ ᠢ ᠪᠠᠶᠢᠴᠠᠭᠠᠵᠤ᠂ 6 ᠵᠤᠷᠪᠤᠰ ᠠᠮᠤᠷ ᠲᠦᠪᠰᠢᠨ ᠤ ᠠᠰᠠᠭᠤᠳᠠᠯ ᠢ ᠢᠯᠡᠷᠡᠭᠦᠯᠵᠦ᠂ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ 1 ᠬᠤᠪᠢ ᠪᠠᠭᠤᠯᠭᠠᠪᠠ᠃    ᠳᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠬᠠᠷᠢᠶᠠᠲᠤ ᠣᠷᠣᠨ ᠤ ᠡᠷᠡᠭᠦᠯ ᠬᠠᠮᠠᠭᠠᠯᠠᠯ ᠤᠨ ᠬᠣᠷᠢᠶ᠎ᠠ ᠂ ᠡᠷᠡᠭᠦᠯ ᠬᠠᠮᠠᠭᠠᠯᠠᠯ ᠤᠨ ᠲᠠᠰᠤᠭ ᠲᠤ ᠬᠦᠷᠲᠡᠯ᠎ᠡ ᠥᠷᠭᠡᠳᠬᠡᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠮ ᠬᠡᠷᠡᠭᠯᠡᠬᠦ ᠠᠮᠤᠷ ᠲᠦᠪᠰᠢᠨ ᠶᠢ ᠪᠠᠲᠤᠯᠠᠭᠰᠠᠨ ᠠᠴᠠ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号