ᠵᠢᠥ ᠶᠤᠸᠠᠨ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠤᠨ ᠴᠣᠩᠬᠤᠨ ᠤ ᠠᠵᠢᠯᠲᠠᠨ ᠤ | ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ 1 ᠰᠠᠷ᠎ᠠ ᠶᠢᠨ 3 ᠤ ᠡᠳᠦᠷ ᠤᠨ | ᠦᠳᠡ ᠶᠢᠨ ᠬᠤᠶᠢᠨ᠎ᠠ᠂ ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ | ᠬᠥᠭᠵᠢᠯᠲᠡ ᠶᠢᠨ ᠲᠥᠪ ᠠᠴᠠ ᠲᠤᠰᠬᠠᠶ ᠮᠡᠷᠭᠡᠵᠢᠯ ᠤᠨ ᠶᠣᠰᠣᠯᠠᠯ ᠤᠨ ᠯᠧᠺᠲ᠋ᠣᠷ ᠢ ᠤᠷᠢᠵᠤ ᠴᠣᠩᠬᠤᠨ ᠤ | ᠠᠵᠢᠯᠲᠠᠳ ᠲᠤ ᠶᠣᠰᠣᠯᠠᠯ ᠤᠨ ᠪᠣᠯᠪᠠᠰᠤᠷᠠᠭᠤᠯᠤᠯ ᠥᠷᠨᠢᠭᠦᠯᠪᠡ᠃ | | | | ᠲᠣᠰ ᠤᠳᠠᠭᠠᠨ ᠤ ᠪᠣᠯᠪᠠᠰᠤᠷᠠᠭᠤᠯᠤᠯ ᠳᠤ ᠠᠵᠢᠯ ᠤᠨ ᠬᠤᠪᠴᠠᠰᠤ ᠵᠠᠰᠠᠯ ᠤᠨ ᠵᠢᠷᠤᠮᠵᠢᠯ᠂ ᠢᠨᠢᠶᠡᠮᠰᠦᠭᠯᠡᠯ ᠤᠨ | ᠦᠢᠯᠡᠴᠢᠯᠡᠭᠡᠨ ᠤ ᠶᠣᠰᠣ᠂ ᠶᠣᠰᠣᠯᠠᠯ ᠤᠨ ᠳᠡᠭᠡᠭᠰᠢᠯᠡᠯᠲᠡ᠂ ᠪᠣᠳᠠᠲᠠᠶ ᠠᠵᠢᠯᠯᠠᠭ᠎ᠠ ᠵᠡᠷᠭᠡ ᠲᠠᠯ᠎ᠠ ᠶᠢ ᠪᠠᠭᠲᠠᠭᠠᠨ᠎ᠠ᠃ | ᠪᠣᠯᠪᠠᠰᠤᠷᠠᠭᠤᠯᠤᠯ ᠤᠨ ᠯᠧᠺᠲ᠋ᠣᠷ ᠨᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠣᠩᠬᠤᠨ ᠤ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠷ ᠲᠤᠲᠤᠮ ᠤᠨ ᠵᠣᠭᠰᠣᠩᠭᠢᠷᠠᠬᠤ᠂ ᠰᠠᠭᠤᠬᠤ᠂ ᠬᠥᠮᠦᠨ | ᠬᠦᠯᠢᠶᠡᠵᠦ ᠭᠥᠯᠢᠶᠡᠨ ᠠᠪᠬᠤ ᠵᠡᠷᠭᠡ ᠴᠣᠩᠬᠤᠪᠴᠢ ᠳᠤ ᠬᠤᠯᠪᠣᠭᠳᠠᠬᠤ ᠦᠢᠯᠡᠴᠢᠯᠡᠭᠡᠨ ᠤ ᠶᠣᠰᠣᠯᠠᠯ ᠢ | ᠰᠢᠰᠲ᠋ᠧᠮ ᠲᠠᠢ ᠲᠠᠶᠢᠯᠪᠤᠷᠢᠯᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠣᠩᠬᠤᠪᠴᠢ ᠶᠢᠨ ᠪᠦᠬᠦᠯᠢ | ᠴᠣᠭᠴᠠ ᠶᠢᠨ ᠳᠦᠷᠢ ᠲᠥᠷᠬᠦ ᠪᠠ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ | ᠲᠠᠷᠠᠭᠠᠴᠢ ᠶᠢᠨ ᠠᠯᠬᠤᠮ ᠳᠤ᠂ ᠵᠢᠦ ᠶᠤᠸᠠᠨ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠦᠷᠭᠦᠯᠵᠢᠯᠡᠨ | ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠲᠠᠯ᠎ᠠ ᠪᠠᠷ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠣᠯᠪᠠᠰᠤᠨ ᠶᠣᠰᠣᠯᠠᠯ ᠤᠨ ᠲᠠᠯ᠎ᠠ ᠪᠠᠷ ᠴᠣᠩᠬᠤᠪᠴᠢ ᠶᠢᠨ | ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ | ᠥᠬᠡᠶ ᠴᠢᠩᠭᠠᠷᠠᠭᠤᠯᠤᠨ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢᠨ ᠴᠤᠪᠤᠷᠠᠯ ᠢ ᠳᠡᠭᠡᠭᠰᠢᠯᠡᠭᠦᠯᠵᠦ᠂ | ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠳᠥᠭᠦᠮ ᠳᠥᠲᠡ | ᠳᠠᠩᠰᠠᠯᠠᠬᠤ ᠦᠢᠯᠡᠴᠢᠯᠡᠭᠡ ᠬᠠᠩᠭᠠᠨ᠎ᠠ᠃ | | | | | | | | | | | | |