ᠨᠠᠷᠢᠨ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠦᠨ ᠦᠢᠯᠡᠴᠢᠯᠡᠭᠡ ᠪᠠᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ
ᠨᠡᠶᠢᠲᠡᠯᠡᠭᠰᠡᠨ ᠴᠠᠭ᠄
2025/1/7
    1 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2025 ᠣᠨ ᠤ ᠠᠵᠢᠯ ᠣᠯᠭᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠴᠧᠨ ᠹᠠᠩ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠵᠢᠶᠠ ᠵᠢᠴᠢ ᠡᠯ᠎ᠡ ᠳᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
11111.jpg
    ᠬᠤᠷᠠᠯ ᠳᠡᠭᠡᠷ᠎ᠡ᠂ ᠡᠩ ᠲᠡᠷᠢᠭᠦᠨ ᠳᠤ ᠡᠯ᠎ᠡ ᠳᠠᠰᠤᠭ ᠤᠨ ᠬᠠᠷᠢᠭᠤᠴᠠᠯᠭᠠᠲᠠᠨ ᠠᠴᠠ 2024 ᠣᠨ ᠤ ᠠᠵᠢᠯ ᠳᠤ ᠳᠠᠬᠢᠨ ᠳ᠋ᠦᠡᠭᠨᠡᠯᠲᠡ ᠬᠢᠵᠦ᠂ 2025 ᠣᠨ ᠤ ᠠᠵᠢᠯ ᠤᠨ ᠲᠥᠯᠥᠪᠯᠡᠭᠡ ᠶᠢ ᠪᠦᠬᠦ ᠲᠠᠯ᠎ᠠ ᠪᠠᠷ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ᠂ ᠭᠢᠯᠠᠰᠤᠮ᠎ᠠ ᠠᠵᠢᠯ ᠤᠨ ᠲᠤᠬᠠᠢ ᠰᠡᠳᠬᠢᠮᠵᠢ ᠶᠢ ᠳᠤᠷᠠᠳᠪᠠ᠃ ᠳᠠᠷᠠᠭ᠎ᠠ ᠨᠢ᠂ ᠯᠢᠦ ᠵᠢᠶᠠ ᠡᠷᠬᠢᠯᠡᠭᠴᠢ ᠠᠴᠠ 2024 ᠣᠨ ᠤ ᠠᠵᠢᠯ ᠣᠯᠭᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠳ᠋ᠦᠩᠨᠡᠬᠦ ᠶᠢᠨ ᠬᠠᠮᠲᠤ 2025 ᠣᠨ ᠤ ᠡᠭᠦᠷᠭᠡ ᠬᠠᠷᠠᠯᠲᠠ ᠢᠶᠠᠨ ᠪᠡᠶᠡᠯᠡᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠡᠴᠦᠰ ᠲᠤ᠂ ᠳᠡᠳ᠋ ᠲᠣᠪᠴᠢᠶᠠᠨ ᠳᠠᠷᠤᠭ᠎ᠠ ᠴᠧᠨ ᠹᠠᠩ  ᠠᠴᠠ ᠥᠩᠭᠡᠷᠡᠭᠰᠡᠨ ᠨᠢᠭᠡ ᠵᠢᠯ ᠳᠤ ᠨᠥᠬᠦᠳ ᠤᠳ ᠪᠦᠯᠬᠦᠮᠳᠡᠨ ᠨᠢᠭᠡᠳᠴᠦ᠂ ᠬᠦᠴᠦ ᠪᠠᠨ ᠬᠠᠮᠲᠤᠳᠬᠠᠨ ᠰᠡᠳᠬᠢᠯ ᠨᠢᠭᠡᠳᠦᠨ ᠠᠵᠢᠯ ᠣᠯᠭᠤᠯᠲᠠ ᠶᠢᠨ ᠠᠵᠢᠯ ᠤᠨ ᠬᠠᠷᠠᠯᠲᠠ ᠡᠭᠦᠷᠭᠡ ᠢᠶᠠᠨ ᠭᠤᠴᠣ ᠪᠡᠶᠡᠯᠡᠭᠦᠯᠤᠭ᠍ᠰᠡᠨ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠨᠳᠦᠷᠴᠡ ᠳᠤ ᠵᠣᠭᠰᠣᠵᠤ᠂ ︽ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ︾ ᠪᠠᠷ ᠭᠤᠣᠯᠳᠠᠯᠭ᠎ᠠ ᠪᠣᠯᠭᠠᠵᠤ᠂ 2025 ᠣᠨ ᠤ ᠭᠤᠣᠯᠳᠠᠯᠭ᠎ᠠ ᠲᠠᠢ᠂ ᠭᠢᠯᠠᠰᠤᠮ᠎ᠠ ᠠᠵᠢᠯ ᠢ ᠪᠣᠳᠠᠲᠠᠢ ᠵᠢᠷᠤᠵᠤ ᠲᠥᠯᠥᠪᠯᠡᠵᠡᠢ᠃
222222.jpg
    2025 ᠣᠨ ᠳᠤ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠣᠯᠤᠨ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠦ ᠶᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号