ᠬᠤᠷᠢᠨᠭᠡᠷ ᠪᠠᠯᠭᠠᠰᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/1/8
    1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠪᠠᠯᠭᠠᠰᠤ ᠪᠦᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠼᠦᠢ ᠯᠦᠩ ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠠᠶᠢᠭᠤᠯᠭ᠎ᠠ ᠶᠢᠨ ᠪᠦᠬᠦ ᠺᠠᠳ᠋ᠷᠴᠤᠳ ᠬᠤᠷᠠᠯ ᠳᠤ ᠣᠷᠣᠯᠴᠠᠪᠠ᠃
11111111.jpg
    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠼᠦᠢ ᠯᠦᠩ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠬᠥᠭᠵᠢᠯᠲᠦ ᠲᠤᠰ ᠲᠤᠰ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠰᠢᠶᠣᠤ ᠫᠢᠩ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠨᠢᠭᠲᠠ ᠳᠠᠮᠵᠢᠭᠤᠯᠤᠭᠰᠠᠨ ᠪᠥᠭᠡᠳ ᠵᠢᠯ ᠤᠨ ᠡᠴᠦᠰ  ᠵᠢᠯ ᠤᠨ ᠡᠬᠢᠨ ᠤ ᠭᠤᠣᠯᠳᠠᠯᠭ᠎ᠠ ᠲᠠᠢ ᠠᠵᠢᠯ ᠵᠢᠴᠢ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
2222.jpg
    ᠬᠤᠷᠠᠯ ᠠᠴᠠ ᠴᠢᠬᠤᠯᠠᠴᠢᠯᠠᠭᠰᠠᠨ ᠨᠢ᠂ 2025 ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠣᠯᠤᠨ᠎ᠠ᠂ ᠮᠥᠨ ᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠰᠦᠪᠯᠡᠬᠦ ᠵᠢᠯ ᠪᠣᠯᠤᠨ᠎ᠠ᠂ ᠪᠦᠬᠦ ᠺᠠᠳ᠋ᠷᠴᠤᠳ ᠲᠥᠪ ᠬᠣᠷᠢᠢ᠎ᠠ ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠵᠢᠦ ᠶᠤᠸᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠭᠤᠰᠤᠯᠴᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠂ ᠬᠤᠲᠠ ᠶᠢᠨ ᠨᠠᠮ ᠤᠨ ᠬᠣᠷᠢᠢ᠎ᠠ ᠵᠢᠴᠢ ᠲᠣᠭᠤᠷᠢᠭ ᠤᠨ ᠨᠠᠮ ᠤᠨ ᠬᠣᠷᠢᠢ᠎ᠠ ᠶᠢᠨ ᠠᠵᠢᠯ ᠤᠨ ᠱᠠᠭᠠᠷᠳᠠᠯᠭ᠎ᠠ ᠲᠠᠢ ᠦᠨᠡᠨᠬᠦ ᠨᠢᠭᠡᠳᠬᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠨ ᠪᠣᠳᠠᠲᠤ ᠠᠵᠢᠯᠯᠠᠭ᠎ᠠ ᠪᠠᠷ ᠢᠶᠠᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠬᠥᠭᠵᠢᠭᠦᠯᠦᠨ ᠪᠤᠵᠠᠭᠠᠶᠢᠷᠠᠭᠤᠯᠵᠤ᠂ ︽ᠵᠠᠭᠤᠨ ᠺᠠᠳ᠋ᠷ ᠢ ᠲᠦᠮᠡᠨ ᠡᠷᠦᠬᠡ ᠳᠤ ᠣᠷᠣᠭᠤᠯᠬᠤ︾ ᠰᠤᠷᠪᠤᠯᠵᠢᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠤᠨ ᠲᠠᠶᠢᠯᠪᠤᠷᠢᠯᠠᠬᠤ᠂ ᠠᠰᠠᠭᠤᠳᠠᠯ ᠢ ᠴᠤᠭᠯᠠᠭᠤᠯᠤᠨ᠂ ᠬᠠᠪᠰᠤᠷᠤᠨ ᠭᠦᠢᠴᠡᠳᠬᠡᠨ ᠣᠷᠣᠯᠠᠨ ᠭᠦᠢᠴᠡᠳᠬᠡᠨ ᠣᠯᠠᠨ ᠲᠦᠮᠡᠨ ᠤ ᠬᠡᠷᠡᠭᠴᠡᠭᠡ ᠶᠢ ᠰᠢᠢᠳᠪᠦᠷᠢᠯᠡᠬᠦ ᠵᠡᠷᠭᠡ ᠵᠦᠢᠯᠡᠰ ᠳᠤ ᠦᠷᠭᠦᠯᠵᠢᠯᠡᠨ ᠭᠦᠨᠵᠡᠭᠡᠶᠢᠷᠡᠵᠦ᠂ ︽ᠬᠤᠷᠢᠨᠭᠡᠷ ᠡᠶᠡᠳᠡᠭᠦᠯᠬᠦ︾ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠦᠷᠦᠯ ᠲᠡᠮᠳᠡᠭ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠣᠬᠢᠰᠲᠠᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠬᠦᠷᠢᠶᠡᠯᠡᠩ ᠲᠣᠭᠤᠷᠢᠭ ᠪᠣᠯᠤᠨ ᠭᠤᠣᠯᠳᠠᠯᠭ᠎ᠠ ᠲᠠᠢ ᠲᠥᠷᠥᠯ ᠵᠦᠢᠯ ᠢ ᠲᠠᠲᠠᠪᠤᠷᠢᠯᠠᠨ ᠨᠤᠷᠠᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠬᠤᠷᠢᠨᠭᠡᠷ ᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠦᠴᠢᠷᠳᠡᠯᠲᠡᠢ ᠣᠯᠠᠨ ᠲᠦᠮᠡᠨ ᠢ ᠲᠣᠬᠤᠨᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 2025 ᠣᠨ ᠤ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠳᠠᠩᠰᠠ ᠶᠢ ᠨᠠᠷᠢᠯᠢᠬᠵᠢᠭᠤᠯᠤᠨ ᠲᠣᠭᠲᠠᠭᠠᠵᠤ᠂ ᠵᠢᠷᠤᠭ ᠲᠥᠰᠦᠪ ᠢ ᠲᠣᠭᠲᠠᠭᠠᠨ᠂ ᠬᠠᠷᠠᠯᠲᠠ ᠪᠠᠨ ᠲᠣᠭᠲᠠᠭᠠᠵᠤ᠂ ᠦᠷᠭᠦᠯᠵᠢᠯᠡᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ︽ᠲᠦᠮᠡᠨ ᠶᠠᠪᠤᠳᠠᠯ ᠢ ᠰᠢᠢᠳᠪᠦᠷᠢᠯᠡᠬᠦ︾ ᠪᠣᠭᠤᠮᠲᠠ ᠰᠢᠪᠲᠤᠯᠬᠤ ᠵᠣᠷᠢᠭ ᠰᠠᠨᠠᠭ᠎ᠠ᠂ ᠨᠢᠭᠲᠠ ᠠᠴᠠ ᠨᠢᠭᠲᠠ ᠠᠵᠢᠯ ᠤᠨ ᠪᠠᠷᠢᠮᠵᠢᠶ᠎ᠠ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠣᠳᠠᠲᠤ ᠠᠮᠵᠢᠯᠲᠠ ᠪᠦᠲᠦᠮᠵᠢ ᠪᠠᠷ ᠵᠢᠦ ᠶᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号