ᠪᠠᠶᠠᠨᠰᠢᠯᠢ ᠵᠡᠭᠡᠯᠢ ᠭᠤᠳᠤᠮᠵᠢ ᠨᠢ ᠲᠦᠯᠤᠪᠦᠷᠢ ᠦᠭᠡᠢ ᠪᠠᠷ ᠫᠢᠩᠫᠠᠩ ᠪᠦᠮᠪᠤᠭᠡᠨ ᠤ ᠢᠯᠡ ᠬᠢᠴᠢᠶᠡᠯ ᠨᠡᠭᠡᠭᠡᠪᠡ
ᠨᠡᠶᠢᠲᠡᠯᠡᠭᠰᠡᠨ ᠴᠠᠭ᠄
2025/1/8
    ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠪᠠᠶᠠᠨᠰᠢᠯᠢ ᠵᠡᠭᠡᠯᠢ ᠭᠤᠳᠤᠮᠵᠢ ᠶᠢᠨ ᠺᠠᠢ ᠶᠤᠸᠠᠨ ᠭᠡᠷ ᠬᠤᠷᠢᠶᠠᠯᠠᠯ ᠨᠢ ᠯᠠᠨ ᠲᠢᠶᠠᠨ ᠫᠢᠩᠫᠠᠩ ᠪᠥᠮᠪᠦᠭᠡ ᠶᠢᠨ ᠺᠯᠦ᠋ᠪ ᠲᠠᠢ ᠬᠠᠮᠲᠤᠷᠠᠨ ᠺᠠᠢ ᠶᠤᠸᠠᠨ ᠭᠡᠷ ᠬᠤᠷᠢᠶᠠᠯᠠᠯ ᠤᠨ ᠰᠠᠭᠤᠭᠠᠯᠢ ᠠᠷᠠᠳ᠂ ᠫᠢᠩᠫᠠᠩ ᠪᠥᠮᠪᠦᠭᠡ ᠳᠤ ᠳᠤᠷ᠎ᠠ ᠪᠠᠭ᠋ᠠᠲᠠᠢ ᠬᠥᠮᠦᠰ ᠪᠠ ᠵᠠᠯᠠᠭᠤᠴᠤᠳ ᠪᠠᠭᠠᠴᠤᠳ ᠲᠤ ᠰᠦᠢᠳᠬᠡᠯ ᠬᠤᠷᠢᠶᠠᠬᠤ ᠦᠭᠡᠢ᠂ ᠲᠣᠭᠲᠠᠮᠠᠯ ᠬᠤᠭᠤᠴᠠᠭ᠎ᠠ ᠲᠠᠢ ᠢᠯᠡ ᠬᠢᠴᠢᠶᠡᠯ ᠨᠡᠭᠡᠭᠡᠵᠦ᠂ ᠮᠠᠰᠢ ᠣᠯᠠᠨ ᠫᠢᠩᠫᠠᠩ ᠪᠥᠮᠪᠦᠭᠡ ᠶᠢᠨ ᠳᠤᠷ᠎ᠠ ᠪᠠᠭ᠋ᠠᠲᠡᠨ ᠤ ᠠᠭᠡᠬᠠᠷᠣᠯ ᠢ ᠲᠠᠲᠠᠪᠠ᠃
111.jpg
    ᠬᠢᠴᠢᠶᠡᠯ ᠳᠡᠭᠡᠷ᠎ᠡ᠂ ᠳᠠᠰᠬᠠᠯᠵᠢᠭᠤᠯᠤᠭᠴᠢ ᠰᠠᠭᠤᠷᠢ ᠠᠳᠬᠤᠯᠲᠠ᠂ ᠵᠣᠭᠰᠣᠬᠤ ᠪᠠᠶᠢᠳᠠᠯ ᠠᠴᠠ ᠡᠬᠢᠯᠡᠨ ᠲᠠᠶᠢᠯᠪᠤᠷᠢᠯᠠᠵᠤ᠂ ᠰᠤᠷᠤᠯᠭᠠᠲᠠᠨ ᠤ ᠠᠵᠢᠯᠯᠠᠭ᠎ᠠ ᠶᠢ ᠬᠦᠯᠢᠴᠡᠩᠭᠦᠢ ᠪᠠᠷ ᠵᠠᠯᠠᠷᠠᠭᠤᠯᠪᠠ᠃ ᠡᠭᠦᠨ ᠤ ᠬᠠᠮᠲᠤ ᠣᠯᠠᠨ ᠳᠤ ᠠᠮᠢᠳᠤᠯᠢᠭ ᠲᠠᠶᠢᠯᠪᠤᠷᠢᠯᠠᠨ ᠥᠭᠴᠦ᠂ ᠪᠥᠮᠪᠦᠭᠡ ᠡᠬᠢᠯᠡᠭᠦᠯᠬᠦ᠂ ᠪᠥᠮᠪᠦᠭᠡ ᠲᠤᠰᠬᠤ᠂ ᠵᠥᠪ ᠭᠠᠷ ᠢᠶᠠᠷ ᠢᠶᠠᠨ ᠪᠥᠮᠪᠦᠭᠡ ᠳᠠᠭᠠᠷᠢᠬᠤ ᠵᠡᠷᠭᠡ ᠦᠨᠳᠦᠰᠦᠨ ᠤᠷ᠎ᠠ ᠮᠡᠷᠭᠡᠵᠢᠯ ᠢ ᠠᠯᠬᠤᠮ ᠠᠯᠬᠤᠮ ᠢᠶᠠᠷ ᠡᠵᠡᠮᠰᠢᠭᠦᠯᠪᠡ ᠃ ᠰᠤᠷᠤᠯᠭᠠᠲᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠪᠦᠬᠦ ᠠᠩᠬᠠᠷᠤᠯ ᠢᠶᠠᠨ ᠲᠥᠪᠯᠡᠷᠡᠭᠦᠯᠦᠨ ᠰᠣᠷᠣᠯᠴᠠᠨ᠂ ᠴᠢᠲᠠᠬᠤ ᠦᠭᠡᠢ ᠪᠠᠢᠭᠰᠠᠨ ᠠᠴᠠ ᠠᠭᠠᠵᠢᠮ ᠢᠶᠠᠷ ᠰᠤᠷᠮᠠᠭᠠᠢ ᠪᠣᠯᠵᠤ᠂ ᠪᠥᠮᠪᠦᠭᠡ ᠴᠣᠬᠢᠬᠤ ᠪᠦᠷᠢ ᠳᠠᠪᠰᠢᠩᠭᠤᠢ ᠪᠠᠶᠠᠷ ᠪᠠᠭ᠋ᠠᠳᠤᠯ ᠲᠠᠭᠠᠯᠳᠤᠨ᠎ᠠ᠃
2222.jpg
    ᠲᠤᠰ ᠤᠳᠠᠭᠠᠨ ᠤ ᠫᠢᠩᠫᠠᠩ ᠪᠥᠮᠪᠦᠭᠡ ᠶᠢᠨ ᠢᠯᠡ ᠬᠢᠴᠢᠶᠡᠯ ᠨᠢ ᠫᠢᠩᠫᠠᠩ ᠪᠥᠮᠪᠦᠭᠡ ᠳᠤ ᠳᠤᠷ᠎ᠠ ᠪᠠᠭ᠋ᠠᠲᠠᠢ ᠬᠥᠮᠦᠰ ᠲᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠤ᠂ ᠨᠡᠶᠢᠭᠡᠮ ᠲᠣᠭᠤᠷᠢᠭ ᠤᠨ ᠬᠢᠨ ᠬᠤᠶᠢᠰᠢᠳᠠ ᠡᠶᠢᠮᠦᠷᠬᠦ ᠲᠥᠷᠥᠯ ᠤᠨ ᠪᠡᠶ᠎ᠡ ᠲᠠᠮᠢᠷ ᠤᠨ ᠬᠥᠳᠡᠯᠭᠡᠭᠡᠨ ᠢ ᠢᠯᠡᠭᠦᠬᠡᠨ ᠡᠷᠬᠢᠯᠡᠵᠦ᠂ ᠣᠯᠠᠨ ᠳᠤ ᠪᠡᠶ᠎ᠡ ᠲᠠᠮᠢᠷ ᠤᠨ ᠬᠥᠳᠡᠯᠭᠡᠭᠡᠨ ᠤ ᠳᠤᠮᠳᠠ ᠠᠴᠠ ᠡᠷᠡᠭᠦᠯ ᠴᠢᠭᠢᠷᠠᠭ ᠪᠠ ᠪᠠᠶᠠᠷ ᠪᠠᠶᠠᠰᠤᠯ ᠢ ᠡᠳ᠋ᠯᠡᠭᠦᠯᠵᠦ᠂ ᠨᠡᠩ ᠡᠶ᠎ᠡ ᠵᠣᠬᠢᠴᠠᠩᠭᠤᠢ᠂ ᠠᠮᠢᠵᠢᠷᠠᠯ ᠤᠨ ᠬᠦᠴᠦᠨ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠢ ᠪᠣᠯᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号