ᠡᠨᠡᠬᠦ ᠬᠦᠢᠲᠡᠨ ᠰᠠᠯᠬᠢ ᠲᠡᠰᠬᠢᠮ᠎ᠡ ᠪᠠᠢᠭᠰᠠᠨ ᠴᠤ ᠬᠠᠯᠠᠭᠤᠨ ᠳᠤᠯᠠᠭᠠᠨ ᠰᠡᠳᠭᠢᠯ ᠪᠢᠯᠬᠠᠭᠰᠠᠨ ᠣᠯᠠᠷᠢᠯ ᠲᠤ | ᠂ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠪᠠᠳᠠᠷᠠᠭᠤᠯᠬᠤ ᠶᠢᠨ ᠲᠥᠯᠥᠭᠡ᠂ 1 | ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠯᠦᠩ ᠢᠦᠢ ᠭᠡᠷ ᠬᠤᠷᠢᠶᠠᠯᠠᠯ ᠨᠢ ︽ᠬᠥᠬᠡᠭᠡ ᠰᠠᠷ᠎ᠠ ᠶᠢᠨ | ᠨᠠᠢᠮᠠᠨ ᠤ ᠪᠠᠶᠠᠷ ᠪᠠᠨ ᠪᠡᠯᠡᠭᠯᠡᠵᠦ᠂ ᠠᠮᠲᠠᠲᠤ ᠠᠮᠤᠰᠤ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠤᠶ᠎ᠠ︾ ᠭᠡᠬᠦ | ᠬᠥᠬᠡᠭᠡ ᠰᠠᠷ᠎ᠠ ᠶᠢᠨ ᠨᠠᠢᠮᠠᠨ ᠤ ᠪᠠᠶᠠᠷ ᠤᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠳᠤᠮᠳᠠ᠂ ︽ᠲᠤᠭᠤᠷ ᠴᠡᠴᠡᠭ ᠳᠡᠯᠭᠡᠷᠡᠬᠦ︾ ᠲᠣᠭᠯᠠᠭᠠᠮ ᠢ ᠥᠷᠨᠢᠭᠦᠯᠵᠦ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠵᠦ᠂ ︽ᠬᠥᠬᠡᠭᠡ ᠰᠠᠷ᠎ᠠ ᠶᠢᠨ ᠰᠢᠨ᠎ᠡ ᠶᠢᠨ ᠨᠠᠢᠮᠠᠨ ᠤ ᠠᠮᠤᠰᠤᠨ ᠤ | DIY ᠤᠷᠤᠯᠳᠤᠭᠠᠨ︾ ᠤ ᠳᠤᠮᠳᠠ᠂ ᠰᠠᠭᠤᠭᠠᠯᠢ ᠠᠷᠠᠳ ᠥᠪᠡᠷ ᠤᠨ ᠴᠢᠨᠠᠭᠰᠠᠨ ᠠᠮᠤᠰᠤᠨ ᠳᠤ ᠪᠠᠨ ᠬᠤᠯᠢᠮ᠎ᠠ᠂ | ᠪᠣᠷᠣ ᠪᠤᠳᠠᠭ᠎ᠠ ᠵᠡᠷᠭᠡ ᠠᠮᠤ ᠪᠤᠳᠠᠭᠠᠨ ᠤ ᠵᠦᠢᠯ ᠣᠷᠣᠭᠤᠯᠵᠤ ᠂ ᠡᠯᠪᠡᠭ ᠬᠤᠷᠢᠶᠠᠯᠲᠠ ᠪᠠ | ᠡᠯᠪᠡᠭ ᠪᠠᠶᠠᠯᠢᠭ ᠪᠠᠶᠢᠬᠤ ᠶᠢ ᠪᠡᠯᠭᠡᠳᠡᠵᠦ︔ ᠵᠠᠷᠢᠮ ᠨᠢ ᠤᠯᠠᠭᠠᠨ ᠪᠤᠷᠴᠠᠭ᠂ ᠬᠠᠷ᠎ᠠ ᠪᠤᠷᠴᠠᠭ ᠵᠡᠷᠭᠡ ᠪᠤᠷᠴᠠᠭ ᠤᠨ | ᠲᠥᠷᠥᠯ ᠤᠨ ᠢᠳᠡᠭᠡᠨ ᠤ ᠵᠦᠢᠯ ᠣᠷᠣᠭᠤᠯᠵᠤ᠂ ᠪᠦᠯᠬᠦᠮᠳᠡᠯ ᠪᠠ ᠬᠠᠮᠲᠤᠷᠠᠯᠴᠠᠭ᠎ᠠ ᠶᠢ ᠪᠡᠯᠭᠡᠳᠡᠵᠦ︔ ᠪᠠᠰᠠ | ᠵᠠᠷᠢᠮ ᠨᠢ ᠰᠠᠷᠠᠨ᠎ᠠ᠂ ᠵᠠᠪᠡᠷᠢ ᠵᠡᠷᠭᠡ ᠡᠮ ᠤᠨ ᠲᠥᠷᠥᠯ ᠤᠨ ᠢᠳᠡᠭᠡᠨ ᠤ ᠵᠦᠢᠯ ᠣᠷᠣᠭᠤᠯᠵᠤ᠂ ᠡᠷᠡᠭᠦᠯ ᠴᠢᠭᠢᠷᠠᠭ | ᠪᠠ ᠤᠷᠲᠤ ᠨᠠᠰᠤᠯᠠᠬᠤ ᠶᠢ ᠪᠡᠯᠭᠡᠳᠡᠵᠦ︔ ᠨᠡᠩ ᠴᠤ ᠰᠡᠳᠬᠢᠯ ᠣᠷᠣᠭᠤᠯᠤᠭᠰᠠᠨ ᠨᠢᠭᠡ ᠨᠢ ᠥᠪᠥᠷ ᠮᠣᠩᠭᠤᠯ ᠤᠨ | ᠨᠠᠷᠠᠨ ᠬᠤᠸᠠᠷ ᠤᠨ ᠦᠷ᠎ᠡ ᠵᠡᠷᠭᠡ ᠣᠨᠴᠠᠯᠢᠭᠲᠤ ᠢᠳᠡᠭᠡᠨ ᠤ ᠵᠦᠢᠯ ᠢ ᠲᠡᠭᠦᠨ ᠲᠠᠢ ᠠᠭᠤᠰᠬᠠᠵᠤ᠂ ᠤᠯᠠᠮᠵᠢᠯᠠᠯᠲᠤ | ᠬᠥᠬᠡᠭᠡ ᠰᠠᠷ᠎ᠠ ᠶᠢᠨ ᠰᠢᠨ᠎ᠡ ᠶᠢᠨ ᠨᠠᠢᠮᠠᠨ ᠤ ᠠᠮᠤᠰᠤᠨ ᠳᠤ ᠥᠪᠥᠷ ᠮᠣᠩᠭᠤᠯ ᠤᠨ ᠣᠨᠴᠠᠯᠢᠭ ᠣᠷᠣᠭᠤᠯᠵᠤ᠂ | ᠠᠶᠠᠭ᠎ᠠ ᠠᠮᠤᠰᠤ ᠪᠣᠯᠭᠠᠨ ᠨᠢ ᠭᠡᠷ ᠪᠦᠯᠢ ᠶᠢᠨ ᠬᠠᠶᠢᠷ᠎ᠠ ᠪᠠ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠴᠢᠶᠠᠯᠠᠵᠤ | ᠂ ᠰᠠᠭᠤᠭᠠᠯᠢ ᠠᠷᠠᠳ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠪᠠ ᠭᠡᠷ ᠤᠨ ᠬᠠᠯᠠᠭᠤᠨ ᠳᠤᠯᠠᠭᠠᠨ ᠢ | ᠮᠡᠳᠡᠷᠡᠭᠦᠯᠪᠡ᠃ | | | | ᠠᠵᠢᠯᠯᠠᠭ᠎ᠠ ᠶᠢᠨ ᠡᠴᠦᠰ ᠲᠤ ᠣᠯᠠᠨ ᠢᠶᠠᠷ ᠢᠶᠠᠨ ᠬᠦᠷᠢᠶᠡᠯᠡᠨ ᠰᠠᠭᠤᠵᠤ᠂ ᠲᠤᠬᠠᠢ ᠶᠢᠨ ᠲᠠᠯᠠᠪᠤᠷ ᠲᠤ ᠴᠢᠨᠠᠭᠰᠠᠨ | ᠬᠥᠬᠡᠭᠡ ᠰᠠᠷ᠎ᠠ ᠶᠢᠨ ᠰᠢᠨ᠎ᠡ ᠶᠢᠨ ᠨᠠᠢᠮᠠᠨ ᠤ ᠠᠮᠤᠰᠤ ᠶᠢ ᠬᠠᠮᠲᠤ ᠪᠠᠷ ᠠᠮᠲᠠᠯᠠᠵᠤ᠂ ᠪᠠᠶᠠᠷ ᠪᠠᠶᠠᠰᠬᠤᠯᠠᠩᠲᠤ | ᠪᠠᠶᠠᠷ ᠤᠨ ᠦᠭᠡ ᠳᠤᠮᠳᠠ ᠥᠨᠳᠥᠷᠯᠡᠪᠡ᠃ ᠭᠡᠪᠡᠴᠦ ᠨᠢᠭᠡ ᠠᠶᠠᠭ᠎ᠠ ᠬᠠᠯᠠᠭᠤᠨ ᠠᠭᠤᠷ ᠪᠢᠯᠬᠠᠭᠰᠠᠨ ᠠᠮᠤᠰᠤ ᠠᠴᠠ | ᠡᠭᠦᠰᠦᠭᠰᠡᠨ ᠬᠠᠯᠠᠭᠤᠨ ᠰᠡᠳᠬᠢᠯᠭᠡ ᠪᠣᠯᠤᠨ ᠪᠦᠯᠬᠦᠮᠳᠡᠯ ᠨᠢ ᠡᠨᠡ ᠡᠪᠦᠯ ᠤᠨ ᠬᠠᠮᠤᠭ ᠰᠠᠶᠢᠬᠠᠨ ᠡᠷᠭᠢᠴᠡᠭᠦᠯᠦᠯ | ᠪᠣᠯᠤᠨ᠎ᠠ᠃ ︽ᠬᠥᠬᠡᠭᠡ ᠰᠠᠷ᠎ᠠ ᠶᠢᠨ ᠨᠠᠢᠮᠠᠨ ᠤ ᠪᠠᠶᠠᠷ ᠪᠠᠨ ᠪᠡᠯᠡᠭᠯᠡᠵᠦ᠂ ᠠᠮᠲᠠᠲᠤ ᠠᠮᠤᠰᠤ ᠪᠠᠷ ᠬᠥᠮᠦᠰ ᠤᠨ | ᠰᠡᠳᠬᠢᠯ ᠢ ᠳᠤᠯᠠᠭᠠᠴᠠᠭᠤᠯᠤᠶ᠎ᠠ︾ ᠭᠡᠬᠦ ᠬᠥᠳᠡᠯᠭᠡᠭᠡᠨ ᠨᠢ ᠵᠥᠪᠬᠡᠨ ᠨᠢᠭᠡ ᠤᠳᠠᠭᠠᠨ ᠤ ᠠᠵᠢᠯᠯᠠᠭ᠎ᠠ ᠪᠣᠯᠬᠤ ᠪᠠᠷ | ᠪᠠᠷᠠᠬᠤ ᠦᠭᠡᠢ᠂ ᠲᠡᠷᠡ ᠨᠢ ᠭᠡᠷ ᠬᠤᠷᠢᠶᠠᠯᠠᠯ ᠤᠨ ᠨᠠᠮ ᠪᠠ ᠣᠯᠠᠨ ᠲᠦᠮᠡᠨ ᠤ ᠥᠷᠲᠡᠭᠡ ᠶᠢᠨ ᠥᠨᠴᠥᠭ ᠪᠤᠯᠤᠩ | ᠪᠣᠯᠭᠠᠨ ᠳᠤ ᠬᠠᠶᠢᠷ᠎ᠠ ᠪᠠ ᠬᠠᠶᠢᠷ᠎ᠠ ᠰᠡᠳᠬᠢᠯᠭᠡ ᠪᠠᠷ ᠪᠢᠯᠬᠠᠵᠤ᠂ ᠡᠨᠡ ᠬᠦ ᠬᠥᠬᠡᠭᠡ ᠰᠠᠷ᠎ᠠ ᠶᠢᠨ ᠨᠠᠢᠮᠠᠨ ᠤ | ᠪᠠᠶᠠᠷ ᠢᠶᠠᠨ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠪᠣᠯᠭᠠᠪᠠ᠃ | | | | | | | | |