2025 ᠣᠨ ᠤ ᠴᠠᠭᠠᠨ ᠰᠠᠷ᠎ᠠ ᠶᠢᠨ ᠪᠠᠶᠠᠷ ᠤᠨ ᠡᠳᠦᠷ ᠣᠶᠢᠷᠠᠳᠬᠤ ᠶᠢ ᠳᠠᠭᠠᠯᠳᠤᠨ᠂ ᠵᠢᠦ ᠶᠤᠸᠠᠨ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠤᠷᠢᠳᠴᠢᠯᠠᠨ ᠠᠷᠭ᠎ᠠ ᠰᠦᠪᠡᠭᠴᠢᠯᠡᠵᠦ᠂ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ ᠪᠡᠯᠡᠳᠬᠡᠯ ᠠᠵᠢᠯ ᠢ | ᠪᠦᠬᠦ ᠲᠠᠯ᠎ᠠ ᠪᠠᠷ ᠥᠷᠨᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠴᠡᠪᠡᠷ ᠴᠡᠮᠴᠡᠭᠡᠷ᠂ ᠡᠮᠬᠢ ᠵᠢᠷᠤᠮ ᠲᠠᠢ᠂ | ᠠᠮᠤᠷ ᠲᠦᠪᠰᠢᠨ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠢ ᠪᠣᠯᠭᠠᠵᠤ ᠥᠭᠪᠡ᠃ | ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ᠂ ᠯᠦᠩ ᠶᠤᠸᠠᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ ᠠᠨ ᠳ᠋ᠢᠩ ᠵᠠᠮ ᠤᠨ ᠲᠦᠷ | ᠴᠠᠭ ᠤᠨ ᠪᠠᠷᠠᠭᠠᠨ ᠤ ᠵᠠᠬ᠎ᠠ ᠳᠡᠯᠭᠡᠭᠦᠷ᠂ ᠡᠷᠲᠡᠨᠢ ᠵᠡᠭᠡᠯᠢ ᠶᠢᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ | ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠪᠠᠷᠤᠭᠴᠢᠯᠠᠭᠰᠠᠨ ᠢᠶᠠᠷ 110 ᠳᠡᠯᠭᠡᠭᠦᠷ ᠲᠠᠢ ᠪᠣᠯᠤᠨ᠎ᠠ᠃ ᠵᠠᠮ | ᠬᠠᠷᠢᠯᠴᠠᠭ᠎ᠠ᠂ ᠬᠤᠲᠠ ᠶᠢᠨ ᠦᠵᠡᠮᠵᠢ ᠪᠠ ᠬᠤᠲᠠ ᠶᠢᠨ ᠠᠷᠠᠳ ᠤᠨ ᠠᠮᠢᠳᠤᠷᠠᠯ ᠢ ᠨᠥᠯᠥᠭᠡᠯᠡᠬᠦ ᠦᠭᠡᠢ ᠤᠷᠢᠲᠠᠯ | ᠳᠣᠣᠷ᠎ᠠ᠂ ᠲᠦᠷ ᠴᠠᠭ ᠤᠨ ᠳᠡᠯᠭᠡᠭᠡ ᠮᠠᠶᠢᠮᠠᠢ ᠶᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ᠂ ᠤᠤᠯ ᠤᠨ | ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ᠎ᠡ᠃ ᠡᠭᠦᠨ ᠤ | ᠬᠠᠮᠲᠤ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠪᠠᠲᠤᠯᠠᠵᠤ᠂ ᠵᠠᠬ᠎ᠠ ᠳᠡᠯᠭᠡᠭᠦᠷ ᠤᠨ ᠵᠢᠷᠤᠮᠵᠢᠭᠰᠠᠨ ᠡᠵᠡᠩᠨᠡᠯᠲᠡ ᠶᠢ ᠪᠠᠲᠤᠯᠠᠪᠠ᠃ | | | | ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠢ ᠵᠢᠩᠬᠢᠨᠢ ᠪᠠᠷ ᠡᠵᠡᠩᠨᠡᠬᠦ ᠠᠴᠠ ᠡᠮᠦᠨ᠎ᠡ᠂ ᠡᠯ᠎ᠡ ᠬᠠᠤᠯᠢ | ᠬᠡᠷᠡᠭᠵᠢᠭᠦᠯᠬᠦ ᠠᠩᠭᠢ ᠪᠠᠰᠠ ᠬᠤᠲᠠ ᠶᠢᠨ ᠦᠵᠡᠮᠵᠢ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠡᠭᠦᠳᠡᠨ ᠡᠮᠦᠨ᠎ᠡ ᠳᠤᠷ᠎ᠠ ᠪᠠᠷ ᠢᠶᠠᠨ ᠶᠠᠭᠤᠮ᠎ᠠ | ᠲᠠᠯᠪᠢᠬᠤ᠂ ᠳᠡᠯᠭᠡᠭᠦᠷ ᠤᠨ ᠭᠠᠳᠠᠨ᠎ᠠ ᠡᠵᠡᠩᠨᠡᠬᠦ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ | ᠵᠠᠰᠠᠵᠤ᠂ ᠨᠡᠭᠦᠳᠡᠯ ᠳᠡᠯᠭᠡᠭᠦᠷ ᠢ ᠴᠡᠪᠡᠷᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠪᠠ᠃ ᠡᠭᠦᠨ ᠤ | ᠬᠠᠮᠲᠤ᠂ ᠬᠤᠲᠠ ᠶᠢᠨ ᠬᠤᠭ ᠨᠣᠪᠰᠢ ᠶᠢᠨ ᠬᠠᠮᠢᠶᠠᠷᠤᠯᠲᠠ ᠬᠢᠭᠡᠳ ᠴᠡᠪᠡᠷᠯᠡᠯᠲᠡ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ᠣᠶᠢᠷ᠎ᠠ ᠶᠢᠨ ᠬᠤᠭᠤᠴᠠᠭᠠᠨ ᠳᠤ ᠴᠡᠭᠴᠡᠯᠡᠨ ᠵᠠᠰᠠᠬᠤ ᠪᠠᠷ ᠳᠠᠮᠵᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠢᠯᠡᠳᠲᠡ ᠰᠠᠶᠢᠵᠢᠷᠠᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃ | ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭᠠᠨ ᠰᠠᠷ᠎ᠠ ᠶᠢᠨ ᠪᠠᠷᠠᠭᠠᠨ ᠤ | ᠵᠠᠬ᠎ᠠ ᠳᠡᠯᠭᠡᠭᠦᠷ ᠤᠨ ᠵᠢᠷᠤᠮᠵᠢᠯ ᠵᠢᠴᠢ ᠵᠠᠮ ᠡᠵᠡᠯᠡᠭᠰᠡᠨ ᠡᠵᠡᠩᠨᠡᠯᠲᠡ ᠶᠢᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠠᠵᠢᠯ ᠢ ᠠᠬᠢᠭᠤᠯᠬᠤ ᠳᠤ ᠬᠦᠴᠦᠨ ᠨᠡᠮᠡᠷᠢᠯᠡᠵᠦ᠂ ᠬᠤᠲᠠ ᠶᠢᠨ ᠠᠮᠢᠵᠢᠷᠠᠯ ᠤᠨ ᠠᠭᠤᠷ | ᠠᠮᠢᠰᠬᠤᠯ ᠢ ᠰᠠᠬᠢᠨ ᠬᠠᠮᠠᠭᠠᠯᠠᠵᠤ᠂ ᠥᠷᠭᠡᠨ ᠣᠯᠠᠨ ᠰᠠᠭᠤᠭᠠᠯᠢ ᠠᠷᠠᠳ ᠲᠤ ᠴᠡᠪᠡᠷ ᠲᠡᠭᠰᠢ ᠡᠮᠬᠢ ᠵᠢᠷᠤᠮ ᠲᠠᠢ᠂ | ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠨ᠎ᠠ᠃ | | | | | | | | |