ᠭᠤᠣᠯ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠰᠢᠨ᠎ᠡ ᠬᠥᠭᠵᠢᠯᠲᠡ ᠶᠢ ᠲᠥᠯᠥᠪᠵᠢᠭᠦᠯᠦᠶ᠎ᠡ
ᠨᠡᠶᠢᠲᠡᠯᠡᠭᠰᠡᠨ ᠴᠠᠭ᠄
2025/1/8
111.jpg
    ᠥᠩᠭᠡᠷᠡᠭᠰᠡᠨ ᠨᠢᠭᠡ ᠵᠢᠯ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠥᠪ ᠣᠨᠣᠪᠴᠢᠲᠠᠢ ᠵᠢᠯᠣᠭᠤᠳᠣᠯᠭ᠎ᠠ ᠪᠠ ᠬᠦᠴᠦᠲᠡᠢ ᠳᠡᠮᠵᠢᠯᠭᠡ ᠳᠣᠣᠷ᠎ᠠ᠂ ᠵᠢᠦ ᠶᠤᠸᠠᠨ ᠲᠣᠭᠤᠷᠢᠭ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠬᠤ ᠣᠶᠢᠲᠤ ᠭᠠᠵᠠᠷ ᠢ ᠬᠡᠷᠡᠭᠯᠡᠬᠦ ᠶᠢ ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃   2024 ᠣᠨ ᠳᠤ ᠢ ᠺᠧ᠂ ᠮᠢᠩ ᠲᠦᠸᠧ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ 24 ᠤᠳᠠᠭ᠎ᠠ ᠭᠦᠢᠴᠡᠳᠬᠡᠵᠦ ᠳᠠᠭᠤᠰᠬᠠᠨ᠂ ᠨᠡᠶᠢᠲᠡ 60.8830 ᠾᠧᠺᠲ᠋ᠠᠷ ᠣᠶᠢᠲᠤ ᠭᠠᠵᠠᠷ ᠤᠨ ᠲᠠᠯᠠᠪᠠᠢ ᠶᠢ ᠬᠢᠨᠠᠨ ᠬᠠᠷᠭᠤᠭᠤᠯᠵᠤ᠂ ᠭᠦᠴᠡᠳᠬᠡᠵᠦ ᠳᠠᠭᠤᠰᠬᠠᠭᠰᠠᠨ ᠨᠣᠷᠮ᠎ᠠ ᠨᠢ 100% ᠲᠤ ᠬᠦᠷᠴᠦ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠴᠠᠭ ᠲᠤᠬᠠᠢ ᠳᠤᠨᠢ ᠪᠦᠲᠦᠮᠵᠢᠲᠡᠢ ᠪᠠᠲᠤᠯᠠᠵᠤ᠂ ᠪᠦᠬᠦ ᠵᠢᠯ ᠳᠤ ᠣᠢ ᠰᠢᠭᠤᠢ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠢᠳᠬᠡᠯ ᠢ ᠨᠡᠶᠢᠲᠡ 650 ᠭᠠᠷᠤᠢ ᠲᠦᠮᠡᠨ ᠲᠥᠭᠦᠷᠢᠭ ᠲᠤᠰᠢᠶᠠᠵᠤ᠂ ᠣᠶᠢᠲᠤ ᠭᠠᠵᠠᠷ ᠤᠨ ᠨᠥᠬᠦᠪᠥᠷᠢ ᠶᠢᠨ ᠮᠥᠩᠭᠦ ᠶᠢ ᠪᠠᠷᠤᠭ 1.1 ᠳ᠋ᠦᠩᠰᠢᠭᠤᠷ ᠲᠥᠭᠦᠷᠢᠭ ᠲᠤᠰᠢᠶᠠᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ᠮᠠᠨ ᠤ ᠲᠣᠪᠴᠢᠶ᠎ᠠ ᠬᠥᠭᠵᠢᠯᠲᠡ ᠶᠢ ᠪᠠᠲᠤᠯᠠᠬᠤ ᠶᠢᠨ ᠬᠠᠮᠲᠤ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠵᠤ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠣᠨᠳᠣᠣ ᠭᠠᠵᠠᠷ 31.36 ᠾᠧᠺᠲ᠋ᠠᠷ ᠣᠶᠢᠲᠤ ᠭᠠᠵᠠᠷ ᠢ ᠰᠡᠷᠭᠦᠭᠡᠵᠦ᠂ ᠣᠢ ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠪᠦᠲᠦᠮᠵᠢᠲᠡᠢ ᠨᠥᠬᠦᠪᠥᠷᠢᠯᠡᠵᠦ᠂ ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠤᠨ ᠲᠣᠭᠲᠠᠭᠤᠨ ᠪᠠ ᠲᠡᠩᠴᠡᠭᠦᠷᠢ ᠶᠢ ᠬᠠᠮᠠᠭᠠᠯᠠᠪᠠ᠃    ᠰᠢᠨ᠎ᠡ ᠨᠢᠭᠡᠨ ᠵᠢᠯ ᠲᠤ ᠣᠶᠢᠲᠤ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠨᠡᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠷ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠳᠤᠮᠳᠠ ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠢ ᠨᠡᠶᠢᠭᠡᠮ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号