ᠵᠢᠦ ᠶᠤᠸᠠᠨ ᠲᠣᠭᠤᠷᠢᠭ ᠤᠨ 1 - 12 ᠰᠠᠷ᠎ᠠ ᠳ᠋ᠡᠬᠢ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠨᠢ ᠪᠦᠬᠦ ᠵᠢᠯ ᠤᠨ ᠭᠠᠳᠠᠭᠠᠳᠤ ᠠᠷᠠᠯᠵᠢᠶᠠᠨ ᠶᠢᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/1/8
    2024 ᠣᠨ ᠳᠤ ᠮᠠᠨ ᠤ ᠲᠣᠭᠤᠷᠢᠭ ᠤᠨ ᠭᠠᠳᠠᠭᠠᠳᠤ ᠠᠷᠠᠯᠵᠢᠶᠠᠨ ᠶᠢᠨ ᠬᠠᠷᠠᠯᠲᠠ ᠡᠭᠦᠷᠭᠡ ᠨᠢ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠪᠠᠶᠢᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠪᠡᠷᠲᠡᠭᠡᠨ ᠨᠢᠭᠡᠳᠬᠡᠭᠰᠡᠨ ᠲᠤᠭ᠎ᠠ ᠪᠠᠷᠢᠮᠲᠠ ᠶᠢ ᠦᠨᠳᠦᠰᠦᠯᠡᠨ᠂ ᠵᠢᠦ ᠶᠤᠸᠠᠨ ᠲᠣᠭᠤᠷᠢᠭ ᠤᠨ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ 1 - 12 ᠳ᠋ᠤᠭᠠᠷ ᠰᠠᠷ᠎ᠠ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠬᠡᠮᠵᠢᠶ᠎ᠡ ᠨᠢ 145171.91 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 52% ᠢᠶᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ ᠬᠡᠮᠵᠢᠶ᠎ᠡ ᠨᠢ 48815.63 ᠲᠦᠮᠡᠨ ᠲᠥᠭᠦᠷᠢᠭ ᠂ ᠭᠠᠳᠠᠭᠠᠳᠤ ᠳᠤ ᠭᠠᠷᠭᠠᠭᠰᠠᠨ ᠲᠤᠭ᠎ᠠ ᠬᠡᠮᠵᠢᠶ᠎ᠡ ᠨᠢ 96356.28 ᠲᠦᠮᠡᠨ ᠲᠥᠭᠦᠷᠢᠭ ᠲᠤ ᠬᠦᠷᠴᠤ᠂ ᠪᠦᠬᠦ ᠵᠢᠯ ᠤᠨ ᠭᠠᠳᠠᠭᠠᠳᠤ ᠠᠷᠠᠯᠵᠢᠶᠠᠨ ᠤ ᠲᠤᠭ᠎ᠠ ᠬᠡᠮᠵᠢᠶ᠎ᠡ ᠶᠢᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠡᠭᠦᠨ ᠳᠤ ᠱᠧᠨ ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠭᠠᠳᠠᠭᠠᠳᠤ ᠳᠤ ᠭᠠᠷᠭᠠᠭᠰᠠᠨ ᠲᠤᠭ᠎ᠠ ᠬᠡᠮᠵᠢᠶ᠎ᠡ 70031 ᠲᠦᠮᠡᠨ ᠲᠥᠭᠦᠷᠢᠭ ᠢ ᠪᠡᠶᠡᠯᠡᠭᠦᠯᠵᠦ᠂ ᠭᠤᠣᠯᠳᠠᠭᠤ ᠯᠠᠲ᠋ᠢᠨ ᠠᠮᠧᠷᠢᠺᠠ᠂ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠣᠷᠣᠨ ᠳᠤ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 32.91% ᠪᠠᠷ ᠨᠡᠮᠡᠭᠳᠡᠪᠡ᠃ ᠬᠤᠸᠠ ᠭᠤᠸᠠᠩ ᠲᠡᠮᠦᠷᠯᠢᠭ ᠤᠨ ᠬᠢᠵᠠᠭᠠᠷᠲᠤ ᠺᠣᠮᠫᠠᠨᠢ 2189.781 ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.81% ᠪᠠᠷ ᠨᠡᠮᠡᠭᠳᠡᠵᠦ᠂ ᠭᠤᠣᠯᠳᠠᠭᠤ ᠲᠠᠶᠢᠸᠠᠨ᠂ ᠺᠣᠷᠢᠶᠠ ᠂ ᠡᠨᠡᠳᠬᠡᠭ᠂ ᠰᠯᠤᠸᠧᠨᠢᠶ᠎ᠠ ᠵᠡᠷᠭᠡ ᠭᠠᠵᠠᠷ ᠣᠷᠣᠨ ᠤ ᠤᠯᠤᠰ ᠳᠤ ᠭᠠᠷᠭᠠᠵᠤ᠂ ᠪᠤᠭᠤᠲᠤ ᠬᠤᠲᠠ ᠶᠢᠨ ᠵᠢᠩ ᠬᠤᠸᠠ ᠲᠡᠮᠦᠷᠯᠢᠭ ᠺᠠᠯᠼ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 660 ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 49.66% ᠪᠠᠷ ᠨᠡᠮᠡᠭᠳᠡᠵᠦ᠂ ᠭᠤᠣᠯᠳᠠᠭᠤ ᠶᠠᠫᠣᠨ ᠳᠤ ᠭᠠᠷᠭᠠᠵᠤ ᠪᠠᠢᠨ᠎ᠠ᠃    ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ᠂ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠬᠠᠷᠢᠶ᠎ᠠ ᠣᠷᠣᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠵᠤ᠂ ᠭᠠᠳᠠᠭᠠᠳᠤ ᠠᠷᠠᠯᠵᠢᠶᠠᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠦᠭᠡᠢ ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠶᠢ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢᠶᠠᠨ ᠥᠷᠭᠡᠳᠬᠡᠨ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号