ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 7 ᠤ ᠴᠠᠭᠢᠯᠭᠠᠨ ᠮᠡᠳᠡᠭᠡ ᠪᠡᠭᠡᠵᠢᠩ ᠤᠨ ᠴᠠᠭ ᠢᠶᠠᠷ 1 | ᠰᠠᠷ᠎ᠠ ᠶᠢᠨ 7 ᠤ ᠡᠳᠦᠷ ᠤᠨ 9 ᠴᠠᠭ 5 ᠮᠢᠨᠦ᠋ᠲ ᠲᠤ᠂ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠳᠤ | 6.8 ᠳᠡᠰ ᠤᠨ ᠭᠠᠵᠠᠷ ᠬᠥᠳᠡᠯᠵᠦ᠂ ᠤᠯᠠᠨ ᠬᠥᠮᠥᠨ ᠠᠳᠡᠵᠦ ᠰᠢᠷᠬᠠᠲᠤᠵᠤ᠂ ᠶᠡᠭᠡ ᠬᠡᠮᠵᠢᠶᠡᠨ ᠤ ᠭᠡᠷ ᠪᠠᠶᠢᠰᠢᠩ ᠨᠤᠷᠠᠵᠤ | ᠶᠡᠭᠦᠷᠡᠵᠡᠢ᠃ | ᠭᠠᠵᠠᠷ ᠬᠥᠳᠡᠯᠦᠭᠰᠡᠨ ᠤ ᠳᠠᠷᠠᠭ᠎ᠠ᠂ ᠳᠣᠮᠳᠠᠳᠦ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠴᠢᠬᠤᠯᠠ ᠵᠢᠭᠠᠪᠤᠷᠢ ᠥᠭᠴᠦ᠂ ᠲᠥᠪᠡᠳ ᠤᠨ ᠰᠢᠭᠠᠽᠧ ᠬᠤᠲᠠ ᠶᠢᠨ ᠳᠢᠩᠷᠢ | ᠰᠢᠶᠠᠨ ᠳᠤ 6.8 ᠳᠡᠰ ᠤᠨ ᠭᠠᠵᠠᠷ ᠬᠥᠳᠡᠯᠵᠦ᠂ ᠤᠯᠠᠨ ᠬᠥᠮᠥᠨ ᠠᠳᠡᠵᠦ ᠰᠢᠷᠬᠠᠲᠤᠪᠠ᠃ ᠡᠷᠢᠵᠦ ᠠᠪᠤᠷᠠᠬᠤ ᠠᠵᠢᠯ ᠢ | ᠪᠦᠭᠦ ᠬᠦᠴᠦᠨ ᠢᠶᠠᠷ ᠢᠶᠠᠨ ᠥᠷᠨᠢᠭᠦᠯᠵᠦ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠬᠥᠮᠥᠨ | ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠭᠦᠰᠦᠮᠡᠯ ᠭᠠᠢ ᠭᠠᠮᠰᠢᠭ ᠢ ᠰᠡᠷᠭᠡᠶᠢᠯᠡᠵᠦ᠂ | ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠡᠢ᠃ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠭᠦ ᠠᠵᠢᠯ ᠢ ᠴᠢᠩᠭᠠᠳᠬᠠᠵᠤ᠂ ᠠᠶᠤᠯ ᠠᠴᠠ ᠠᠪᠤᠷᠠᠨ ᠲᠤᠰᠠᠯᠠᠬᠤ ᠡᠳ᠋ ᠪᠣᠳᠠᠰ ᠢ ᠴᠠᠭ ᠲᠤᠬᠠᠢ ᠳᠤᠨᠢ | ᠰᠢᠯᠵᠢᠭᠦᠯᠦᠨ ᠲᠣᠬᠢᠷᠠᠭᠤᠯᠵᠤ᠂ ᠡᠪᠳᠡᠭᠳᠡᠵᠦ ᠰᠦᠢᠳᠬᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠵᠠᠰᠠᠵᠤ᠂ | ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠲᠣᠬᠢᠷᠠᠭᠤᠯᠵᠤ᠂ ᠠᠮᠤᠷ ᠲᠦᠪᠰᠢᠨ ᠬᠠᠯᠠᠭᠤᠨ ᠳᠤᠯᠠᠭᠠᠨ | ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ | ᠥᠭᠴᠦ᠂ ᠭᠠᠮᠰᠢᠭ ᠤᠨ ᠪᠠᠶᠢᠳᠠᠯ ᠪᠣᠯᠣᠨ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠳᠠᠯ ᠢ ᠱᠠᠯᠠᠪᠳᠠᠭᠤᠯᠤᠨ ᠬᠢᠨᠠᠨ | ᠬᠠᠷᠭᠤᠭᠤᠯᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠭᠠᠵᠠᠷ | ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠂ ᠡᠯ᠎ᠡ ᠵᠦᠢᠯ ᠤᠨ ᠡᠭᠦᠰᠦᠮᠡᠯ ᠭᠠᠢ ᠭᠠᠮᠰᠢᠭ ᠢ | ᠰᠡᠷᠭᠡᠶᠢᠯᠡᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠭᠠᠵᠠᠷ | ᠬᠥᠳᠡᠯᠦᠯᠲᠡ ᠳᠤ ᠭᠠᠮᠰᠢᠭᠳᠠᠭᠰᠠᠨ ᠣᠷᠣᠨ ᠨᠢ ᠥᠨᠳᠦᠷᠯᠢᠭ ᠤᠨ ᠥᠨᠳᠥᠷ ᠬᠦᠢᠲᠡᠨ ᠣᠷᠣᠨ ᠳᠤ ᠪᠠᠶᠢᠷᠢᠯᠠᠵᠤ᠂ ᠶᠠᠭ | ᠰᠠᠶᠢᠬᠠᠨ ᠡᠪᠦᠯ ᠤᠨ ᠤᠯᠠᠷᠢᠯ ᠲᠣᠬᠢᠶᠠᠭᠰᠠᠨ ᠲᠤᠯᠠ ᠠᠷᠭ᠎ᠠ ᠪᠦᠭᠦᠨ ᠢ ᠰᠦᠪᠡᠭᠴᠢᠯᠡᠨ ᠭᠠᠮᠰᠢᠭᠳᠠᠭᠰᠠᠨ ᠣᠷᠣᠨ ᠤ ᠤᠯᠠᠨ | ᠲᠦᠮᠡᠨ ᠤ ᠦᠨᠳᠦᠰᠦᠨ ᠠᠮᠢᠳᠤᠷᠠᠯ ᠪᠠ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠣᠮᠳᠠᠳᠦ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ | ᠠᠵᠢᠯ ᠢ ᠵᠢᠯᠤᠭᠤᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ | ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠠᠴᠠ ᠤᠯᠤᠰ ᠤᠨ ᠭᠠᠵᠠᠷ ᠬᠥᠳᠡᠯᠦᠯᠲᠡ ᠶᠢᠨ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠢ | ᠡᠬᠢᠯᠡᠨ ᠬᠡᠷᠡᠭᠵᠢᠭᠦᠯᠵᠦ᠂ ᠲᠥᠪᠡᠳ ᠤᠨ ᠥᠪᠡᠷᠲᠡᠭᠡᠨ ᠵᠠᠰᠠᠬᠤ ᠣᠷᠣᠨ ᠠᠴᠠ ᠬᠦᠴᠦᠨ ᠢᠶᠠᠨ ᠵᠣᠬᠢᠶᠠᠨ ᠪᠠᠶᠢᠭᠤᠯᠵᠤ ᠠᠶᠤᠯ | ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠪᠠᠶᠢᠨ᠎ᠠ᠃ ᠭᠠᠵᠠᠷ ᠬᠥᠳᠡᠯᠦᠯᠲᠡ ᠲᠠᠢ | ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠶᠠᠭ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠶᠠᠪᠤᠭᠳᠠᠵᠤ | ᠪᠠᠶᠢᠨ᠎ᠠ᠃ | | | | | | | | |