2024 ᠣᠨ ᠤ 12 ᠰᠠᠷ᠎ᠠ ᠶᠢᠨ 30 ᠤ ᠡᠳᠦᠷ ᠠᠴᠠ 2025 ᠣᠨ ᠤ 1 ᠰᠠᠷ᠎ᠠ ᠶᠢᠨ 3 ᠤ ᠡᠳᠦᠷ | ᠪᠣᠯᠲᠠᠯ᠎ᠠ᠂ ᠮᠠᠨ ᠤ ᠪᠠᠯᠭᠠᠰᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ | ᠠᠵᠢᠯ ᠤᠨ ᠬᠠᠭᠤᠳᠠᠰᠤ ᠶᠢ ᠨᠡᠶᠢᠲᠡ 15 ᠬᠤᠪᠢ ᠰᠢᠢᠳᠪᠦᠷᠢᠯᠡᠨ ᠳᠠᠭᠤᠰᠬᠠᠪᠠ᠃ | ᠨᠡᠶᠢᠲᠡᠯᠢᠭ ᠵᠢᠱᠢᠶ᠎ᠡ ᠄ | 1. ᠱᠢᠶᠠᠩ ᠷᠢᠢ ᠺᠦᠢ ᠬᠤᠷᠢᠶᠠᠯᠠᠯ ᠤᠨ ᠳᠤᠯᠠᠭᠠᠯᠠᠭ᠎ᠠ ᠶᠢᠨ ᠬᠤᠭᠤᠯᠠᠢ ᠡᠪᠳᠡᠷᠡᠵᠦ ᠰᠦᠢᠳᠦᠭᠰᠡᠨ ᠠᠰᠠᠭᠤᠳᠠᠯ | ᠄ ᠣᠶᠢᠷ᠎ᠠ ᠶᠢᠨ ᠬᠤᠭᠤᠴᠠᠭᠠᠨ ᠳᠤ ᠱᠢᠶᠠᠩ ᠷᠢᠢ ᠺᠦᠢ ᠬᠤᠷᠢᠶᠠᠯᠠᠯ ᠤᠨ ᠰᠠᠭᠤᠭᠠᠯᠢ ᠠᠷᠠᠳ ᠨᠢ ᠳᠤᠯᠠᠭᠠᠯᠠᠭ᠎ᠠ ᠶᠢᠨ | ᠬᠤᠭᠤᠯᠠᠢ ᠡᠰᠠᠭᠤᠳᠠᠯ ᠭᠠᠷᠴᠤ᠂ ᠳᠤᠯᠠᠭᠠᠯᠠᠭ᠎ᠠ ᠨᠢ ᠶᠡᠭᠡ ᠬᠡᠪᠴᠢᠶ᠎ᠡ ᠪᠠᠷ ᠵᠣᠭᠰᠣᠵᠤ ᠪᠠᠢᠭ᠎ᠠ ᠠᠰᠠᠭᠤᠲᠠᠯ ᠶᠢ | ᠲᠤᠰᠬᠠᠪᠠ᠃ ᠠᠵᠢᠯ ᠤᠨ ᠬᠠᠭᠤᠳᠠᠰᠤ ᠶᠢ ᠳᠤᠰᠤᠭᠰᠠᠨ ᠤ ᠳᠠᠷᠠᠭ᠎ᠠ᠂ ᠳᠠᠯᠠᠨ ᠪᠤᠯᠠᠭ ᠪᠠᠯᠭᠠᠰᠤᠨ ᠤ ᠵᠥᠪᠳᠡᠨ | ᠶᠠᠷᠢᠯᠴᠠᠬᠤ ᠪᠠ 12345 ᠬᠠᠯᠠᠮᠰᠢᠯ ᠤᠲᠠᠰᠤ ᠶᠢᠨ ᠠᠵᠢᠯᠲᠠᠳ ᠴᠠᠭ ᠲᠤᠬᠠᠢ ᠳᠤᠨᠢ ᠪᠠᠷᠢᠯᠭ᠎ᠠ ᠶᠢᠨ | ᠲᠠᠯ᠎ᠠ ᠶᠢᠨ ᠬᠢᠨ ᠲᠠᠢ ᠬᠠᠷᠢᠯᠴᠠᠵᠤ᠂ ᠱᠢᠶᠠᠩ ᠷᠢᠢ ᠺᠦᠢ ᠬᠤᠷᠢᠶᠠᠯᠠᠯ ᠤᠨ ᠢᠯᠴᠢ ᠬᠠᠩᠭᠠᠬᠤ ᠬᠤᠭᠤᠯᠠᠢ ᠶᠢ | ᠰᠥᠨᠢ ᠪᠠᠷ ᠵᠠᠪᠳᠤᠨ ᠵᠠᠰᠠᠵᠤ᠂ ᠰᠠᠭᠤᠭᠠᠯᠢ ᠠᠷᠠᠳ ᠤᠨ ᠭᠡᠷ ᠤᠨᠳᠤᠯᠠᠭᠠᠯᠠᠭᠠ ᠨᠢ ᠨᠥᠯᠥᠭᠡᠯᠡᠭᠳᠡᠬᠦ ᠦᠭᠡᠢ ᠪᠠᠶᠢᠬᠤ ᠶᠢ | ᠪᠠᠲᠤᠯᠠᠪᠠ᠃ | | | | 2. ᠲᠦᠭᠡᠭᠡᠯ ᠤᠰᠤᠨ ᠤ ᠭᠠᠳᠠᠷᠭᠤ ᠡᠪᠳᠡᠷᠡᠭᠰᠡᠨ ᠠᠰᠠᠭᠤᠳᠠᠯ᠄ ᠣᠶᠢᠷ᠎ᠠ ᠶᠢᠨ ᠬᠤᠭᠤᠴᠠᠭᠠᠨ ᠳᠤ ᠵᠢᠩ ᠹᠦ᠋ | ᠬᠤᠷᠢᠶᠠᠯᠠᠯ ᠤᠨ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠭᠡᠷ ᠪᠦᠯᠢ ᠶᠢᠨ ᠲᠦᠭᠡᠭᠡᠯ ᠤᠰᠤᠨ ᠤ ᠬᠡᠮᠵᠢᠭᠦᠷ | ᠡᠪᠳᠡᠷᠡᠵᠦ᠂ ᠲᠤᠭ᠎ᠠ ᠬᠡᠮᠵᠢᠶ᠎ᠡ ᠨᠢ ᠶᠠᠪᠤᠬᠤ ᠦᠭᠡᠢ᠂ ᠠᠵᠢᠯᠲᠠᠳ ᠤᠲᠠᠰᠤ ᠢᠷᠡᠭᠴᠢ ᠶᠢᠨ ᠭᠡᠷ ᠤᠨ ᠤᠰᠤᠨ ᠤ | ᠬᠡᠮᠵᠢᠭᠦᠷ ᠢ ᠪᠠᠢᠴᠠᠭᠠᠭᠰᠠᠨ ᠦᠭᠡᠢ ᠪᠠᠶᠢᠳᠠᠯ ᠳᠣᠣᠷ᠎ᠠ᠂ ᠤᠲᠠᠰᠤ ᠢᠷᠡᠭᠴᠢ ᠳᠤ 5 ᠵᠢᠯ ᠤᠨ ᠲᠦᠭᠡᠭᠡᠯ ᠤᠰᠤᠨ ᠤ | ᠰᠦᠢᠳᠬᠡᠯ ᠲᠤᠰᠢᠶᠠᠬᠤ ᠴᠢᠬᠤᠯᠠᠲᠠᠢ ᠭᠡᠵᠦ ᠰᠢᠭᠤᠳ ᠮᠡᠳᠡᠭᠳᠡᠵᠦ᠂ ᠤᠲᠠᠰᠤ ᠢᠷᠡᠭᠰᠡᠳ ᠵᠥᠪᠰᠢᠶᠡᠷᠡᠬᠦ ᠦᠭᠡᠢ | ᠪᠠᠶᠢᠬᠤ ᠪᠠᠨ ᠢᠯᠡᠳᠬᠡᠪᠡ᠃ ᠠᠵᠢᠯ ᠤᠨ ᠬᠠᠭᠤᠳᠠᠰᠤ ᠶᠢ ᠳᠤᠰᠤᠭᠰᠠᠨ ᠤ ᠳᠠᠷᠠᠭ᠎ᠠ᠂ ᠳᠠᠯᠠᠨ ᠪᠤᠯᠠᠭ ᠪᠠᠯᠭᠠᠰᠤᠨ ᠤ | ᠵᠥᠪᠳᠡᠨ ᠶᠠᠷᠢᠯᠴᠠᠬᠤ ᠪᠠ 12345 ᠬᠠᠯᠠᠮᠰᠢᠯ ᠤᠲᠠᠰᠤ ᠶᠢᠨ ᠠᠵᠢᠯᠲᠠᠳ ᠴᠠᠭ ᠲᠤᠬᠠᠢ ᠳᠤᠨᠢ ᠵᠢᠩ ᠹᠦ᠋ | ᠬᠤᠷᠢᠶᠠᠯᠠᠯ ᠤᠨ ᠠᠳᠠᠯ ᠠᠬᠤᠢ ᠲᠠᠢ ᠬᠠᠷᠢᠯᠴᠠᠵᠤ᠂ ᠪᠣᠳᠠᠲᠠᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠮᠠᠨ ᠤ | ᠨᠢᠭᠡᠴᠡ ᠶᠢᠨ ᠠᠵᠢᠯᠲᠠᠨ ᠬᠤᠶᠠᠷ ᠲᠠᠯ᠎ᠠ ᠶᠢᠨ ᠬᠢᠨ ᠲᠠᠢ ᠨᠡᠪᠲᠡᠷᠡᠯᠴᠡᠬᠦ ᠪᠠᠷ ᠳᠠᠮᠵᠢᠨ᠂ ᠵᠢᠩ ᠹᠦ᠋ ᠬᠤᠷᠢᠶᠠᠯᠠᠯ ᠤᠨ | ᠠᠳᠠᠯ ᠠᠬᠤᠢ ᠨᠢ ᠬᠠᠮᠤᠭ ᠤᠨ ᠲᠡᠷᠢᠭᠦᠨ ᠳᠤ ᠬᠠᠮᠢᠶ᠎ᠠ ᠪᠦᠬᠦᠢ ᠬᠥᠮᠦᠰ ᠲᠠᠢ ᠬᠠᠷᠢᠯᠴᠠᠵᠤ ᠰᠠᠭᠤᠭᠠᠯᠢ ᠠᠷᠠᠳ ᠤᠨ | ᠭᠡᠷ ᠲᠤ ᠬᠦᠷᠴᠦ ᠲᠦᠭᠡᠭᠡᠯ ᠤᠰᠤᠨ ᠤ ᠬᠡᠮᠵᠢᠭᠦᠷ ᠶᠢ ᠪᠠᠶᠢᠴᠠᠭᠠᠨ ᠦᠵᠡᠵᠦ᠂ ᠲᠤᠰ ᠰᠠᠭᠤᠭᠠᠯᠢ ᠠᠷᠠᠳ ᠨᠢ ᠴᠤ | ᠤᠰᠤᠨ ᠤ ᠰᠦᠢᠳᠬᠡᠯ ᠢᠶᠠᠨ ᠨᠥᠬᠦᠪᠥᠷᠢᠯᠡᠬᠦ ᠶᠢ ᠵᠥᠪᠰᠢᠶᠡᠷᠡᠪᠡ᠃ | | | | | | | | | |