ᠵᠢᠦ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ 2025 ᠣᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
    1 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠵᠢᠦ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ 2025 ᠣᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠣᠯᠪᠠᠰᠤᠷᠠᠯ ᠤᠨ ᠪᠠᠶᠢᠭᠤᠯᠤᠮᠵᠢ ᠲᠠᠢ ᠬᠠᠮᠲᠤ ᠪᠠᠷ ᠰᠢᠨ᠎ᠡ ᠵᠢᠯ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠰᠤᠳᠤᠯᠪᠠ᠃
111111.jpg
    ᠲᠤᠰ ᠤᠳᠠᠭᠠᠨ ᠤ ᠬᠤᠷᠠᠯ ᠠᠴᠠ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︽ᠥᠪᠥᠷ ᠮᠣᠩᠭᠤᠯ ᠤᠨ ᠤᠷ᠎ᠠ ᠴᠢᠳᠠᠪᠤᠷᠢ ᠵᠢᠨ‌ᠠᠵᠢᠯᠯᠠᠭ᠎ᠠ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ ᠰᠣᠨᠣᠰᠴᠤ᠂ ᠵᠢᠦ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠬᠡᠷᠬᠢᠨ ᠵᠢᠷᠤᠮᠵᠢᠭᠤᠯᠤᠨ ᠥᠷᠨᠢᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠤᠷᠠᠳᠤᠭᠰᠠᠨ ᠠᠰᠠᠭᠤᠳᠠᠯ  ᠶᠢ ᠲᠤᠬᠠᠢ ᠶᠢᠨ ᠲᠠᠯᠠᠪᠠᠢ ᠳᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠳᠠᠷᠠᠭᠠᠴᠢ ᠶᠢᠨ ᠠᠯᠬᠤᠮ ᠳᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠥᠨᠳᠥᠷ ᠪᠦᠲᠦᠮᠵᠢᠲᠡᠢ ᠪᠠᠷ ᠥᠷᠨᠢᠭᠦᠯᠬᠦ ᠳᠤ ᠰᠠᠭᠤᠷᠢ ᠲᠠᠯᠪᠢᠵᠤ ᠥᠭᠴᠡᠢ᠃    2025 ᠣᠨ ᠳᠤ᠂ ᠵᠢᠦ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠥᠪᠥᠷ ᠮᠣᠩᠭᠤᠯ ᠤᠨ ᠤᠷ᠎ᠠ ᠴᠢᠳᠠᠪᠤᠷᠢ ᠵᠢᠨ‌ᠠᠵᠢᠯᠯᠠᠭ᠎ᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠨ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠨ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠨᠡᠷᠡᠲᠦ ᠲᠥᠷᠥᠯ ᠲᠡᠮᠳᠡᠭᠲᠦ ᠶᠢ ᠴᠢᠷᠮᠠᠶᠢᠨ ᠪᠣᠢ ᠪᠣᠯᠭᠠᠵᠤ᠂ ᠵᠢᠦ ᠶᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠭ᠍ᠭᠠᠨ᠎ᠡ ᠃  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号