ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠡᠭᠦᠷᠭᠡᠯᠡᠵᠦ᠂ ᠲᠠᠷᠢᠶᠠᠴᠢᠳ ᠲᠤ ᠠᠰᠢᠭ ᠬᠦᠷᠲᠡᠭᠡᠬᠦ ᠬᠠᠮ ᠠᠷᠭ᠎ᠠ ᠪᠣᠳᠣᠯᠭ᠎ᠠ ᠶᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2025/1/9
    ᠡᠨᠡ ᠵᠢᠯ ᠠᠴᠠ ᠨᠠᠰᠢ᠂ ᠵᠢᠥ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠂ ᠲᠣᠰᠣᠯᠢᠭ ᠵᠦᠢᠯ ᠤᠨ ᠦᠢᠯᠡᠳᠪᠦᠷᠢᠯᠡᠯ ᠤᠨ ᠬᠠᠷᠠᠯᠲᠠ ᠶᠢ ᠲᠣᠭᠲᠠᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠰᠠᠶᠢᠲᠤᠷ ᠠᠳᠬᠤᠵᠤ᠂ ᠡᠷᠡᠮᠡᠬᠡᠶᠢᠯᠡᠨ ᠤᠷᠤᠭᠰᠢᠯᠠᠵᠤ᠂ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠲᠤᠪᠤᠶᠢᠮ᠎ᠠ ᠪᠠᠶᠢᠨ᠎ᠠ᠃
1111.jpg
    ᠨᠢᠭᠡ᠂ ᠲᠠᠷᠢᠮᠠᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠭᠠᠷᠤᠯᠲᠠ ᠶᠢᠨ ᠬᠡᠮᠵᠢᠶ᠎ᠡ ᠪᠠ ᠦᠷ᠎ᠡ ᠠᠰᠢᠭ ᠨᠢ ᠬᠤᠤᠰ ᠡᠯᠪᠡᠭ ᠬᠤᠷᠢᠶᠠᠯᠲᠠ ᠤᠯᠪᠠ    ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠵᠢᠯ ᠤᠨ ᠡᠬᠢᠨ ᠳᠤ ᠪᠠᠭᠤᠯᠭᠠᠭᠰᠠᠨ ᠡᠭᠦᠷᠭᠡ ᠶᠢ ᠦᠨᠳᠣᠰᠣᠯᠡᠵᠣ᠂ ᠵᠢᠦ ᠶᠤᠸᠠᠨ ᠲᠣᠭᠤᠷᠢᠭ ᠤᠨ ᠬᠢᠨ 20.6 ᠲᠦᠮᠡᠨ ᠮᠥ ᠠᠮᠤ ᠪᠤᠳᠠᠭ᠎ᠠ ᠳᠠᠷᠢᠬᠤ ᠲᠠᠯᠠᠪᠠᠶ ᠶᠢ ᠡᠭᠦᠷᠭᠡᠯᠡᠪᠡ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠨᠠᠷᠢᠨ ᠨᠢᠮᠪᠠᠶ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠲᠠᠷᠢᠮᠠᠯ ᠤᠨ ᠪᠦᠲᠦᠴᠡ ᠶᠢ ᠭᠦᠨᠵᠡᠭᠡᠶ ᠰᠢᠯᠢᠳᠡᠭᠵᠢᠭᠦᠯᠵᠦ᠂ ᠪᠣᠳᠠᠲᠠᠶ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ 23.33 ᠲᠦᠮᠡᠨ ᠮᠥ ᠳᠤ ᠬᠦᠷᠴᠦ᠂ ᠵᠢᠯ ᠤᠨ ᠡᠭᠦᠷᠭᠡ ᠠᠴᠠ 2.73 ᠲᠦᠮᠡᠨ ᠮᠥ ᠰᠢᠬᠠᠮ ᠢᠯᠡᠭᠦᠦ ᠪᠡᠶᠡᠯᠡᠭᠦᠯᠵᠤ᠂ ᠲᠠᠷᠢᠮᠠᠯ ᠪᠣᠯᠪᠠᠰᠤᠷᠠᠬᠤ ᠵᠠᠩᠭᠢᠯᠠᠭ᠎ᠠ ᠶᠢᠨ ᠬᠤᠭᠤᠴᠠᠭᠠᠨ ᠳᠤ ᠬᠡᠳᠦ᠋ᠢᠪᠡᠷ ᠬᠠᠴᠢᠨ ᠠᠭᠤᠷ ᠠᠮᠢᠰᠬᠤᠯ ᠳᠤ ᠲᠤᠯᠭᠠᠷᠠᠵᠤ ᠂ ᠬᠡᠰᠡᠭ ᠣᠷᠣᠨ ᠪᠦᠰᠡ ᠶᠢᠨ ᠤᠨᠠᠯᠲᠠ ᠨᠢ ᠬᠤᠬᠢᠷᠠᠯ ᠳᠤ ᠤᠴᠠᠷᠠᠭᠰᠠᠨ ᠪᠣᠯᠪᠠᠴᠤ ᠮᠠᠨ ᠤ ᠲᠣᠭᠤᠷᠢᠭ ᠤᠨ ᠠᠮᠤ ᠪᠤᠳᠠᠭᠠᠨ ᠤ ᠶᠡᠷᠦᠩᠬᠡᠶ ᠤᠨᠠᠯᠲᠠ ᠨᠢ 3 ᠳ᠋ᠦᠩᠰᠢᠭᠤᠷ ᠵᠢᠩ ᠳᠤ ᠬᠦᠷᠴᠦ᠂ ᠮᠠᠨ ᠤ ᠲᠣᠭᠤᠷᠢᠭ ᠤᠨ ᠲᠠᠷᠢᠮᠠᠯ ᠤᠨ ᠪᠦᠲᠦᠴᠡ ᠶᠢᠨ ᠵᠦᠶ ᠵᠣᠬᠢᠰᠲᠠᠶ ᠪᠠᠶᠢᠷᠢᠯᠠᠭᠤᠯᠤᠯᠲᠠ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠬᠦᠴᠦᠷᠬᠡᠭ ᠶᠡᠭᠡ ᠤᠶᠠᠨ ᠬᠠᠳᠠᠨ ᠴᠢᠨᠠᠷ ᠢ ᠭᠦᠢᠴᠡᠳ ᠢᠯᠡᠷᠡᠭᠦᠯᠪᠡ᠃ ᠡᠭᠦᠨ ᠤ ᠬᠠᠮᠲᠤ᠂ ᠠᠵᠤ ᠠᠬᠤᠶ ᠶᠢᠨ ᠲᠠᠷᠢᠮᠠᠯ ᠤᠨ ᠲᠠᠷᠢᠬᠤ ᠲᠠᠯᠠᠪᠠᠶ ᠴᠤ ᠲᠣᠭᠲᠠᠭᠤᠨ ᠢᠶᠠᠷ ᠨᠡᠮᠡᠭᠳᠡᠵᠦ᠂ ᠵᠢᠮᠢᠰ ᠢᠳᠡᠰᠢᠨ ᠨᠣᠭᠤᠭ᠎ᠠ ᠲᠠᠷᠢᠬᠤ ᠲᠠᠯᠠᠪᠠᠶ 7.3 ᠲᠦᠮᠡᠨ ᠮᠦ ᠳᠤ ᠬᠦᠷᠴᠦ᠂ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠲᠠᠷᠢᠮᠠᠯ ᠤᠨ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠢᠯᠡᠳᠲᠡ ᠳᠡᠭᠡᠭᠰᠢᠯᠡᠭᠦᠯᠪᠡ᠃
222.jpg
    ᠬᠤᠶᠠᠷ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠴᠢᠩᠭᠠᠳᠬᠠᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠪᠠ    ᠲᠠᠷᠢᠶᠠᠨ ᠭᠠᠵᠠᠷ ᠢ ᠬᠠᠮᠠᠭᠠᠯᠠᠬᠤ ᠪᠠ ᠠᠰᠢᠭᠯᠠᠬᠤ ᠲᠠᠯ᠎ᠠ ᠪᠠᠷ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠥᠷᠢ ᠶᠢ 33 ᠡᠷᠦᠬᠡ ᠳᠤ ᠣᠨᠣᠴᠠᠲᠠᠶ ᠪᠠᠷ ᠬᠠᠮᠤᠷᠴᠤ᠂ 1.1 ᠲᠦᠮᠡᠨ ᠮᠥ ᠲᠠᠷᠢᠶᠠᠨ ᠭᠠᠵᠠᠷ ᠶᠢ ᠡᠭᠡᠯᠵᠢᠯᠡᠨ ᠳᠠᠷᠢᠵᠤ ᠠᠮᠠᠷᠠᠭᠤᠯᠬᠤ ᠶᠢ ᠪᠡᠶᠡᠯᠡᠭᠦᠯᠵᠦ᠂ 165 ᠲᠦᠮᠡᠨ ᠲᠥᠭᠦᠷᠢᠭ ᠤᠨ ᠨᠥᠬᠦᠪᠥᠷᠢ ᠶᠢᠨ ᠪᠠᠯᠠ ᠮᠥᠩᠭᠦ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠲᠠᠷᠢᠶᠠᠯᠠᠩ ᠤᠨ ᠬᠥᠭᠵᠢᠯᠲᠡ ᠤᠨ ᠰᠠᠭᠤᠷᠢ ᠶᠢ ᠪᠠᠬᠢᠵᠢᠭᠦᠯᠪᠡ︔ 15859 ᠲᠠᠷᠢᠶᠠᠴᠢᠨ ᠡᠷᠦᠬᠡ ᠳᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠨᠥᠬᠦᠪᠥᠷᠢ ᠶᠢ ᠬᠦᠷᠲᠡᠭᠡᠵᠦ᠂ 12.126 ᠲᠦᠮᠡᠨ ᠮᠥ ᠲᠠᠷᠢᠶᠠᠨ ᠭᠠᠵᠠᠷ ᠲᠠᠢ ᠬᠤᠯᠪᠣᠭᠲᠠᠵᠣ᠂ 1354.89 ᠲᠦᠮᠡᠨ ᠲᠥᠭᠦᠷᠢᠭ ᠤᠨ ᠨᠥᠬᠦᠪᠥᠷᠢ ᠶᠢ ᠭᠦᠢᠴᠡᠳ ᠲᠠᠷᠬᠠᠭᠠᠵᠤ ᠪᠠᠶᠢᠭᠠᠳ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠦᠷᠭᠦᠯᠵᠢᠯᠡᠨ ᠳᠡᠭᠡᠭᠰᠢᠯᠡᠭᠦᠯᠬᠦ ᠶᠢ ᠬᠦᠴᠦᠲᠡᠶ ᠪᠠᠲᠤᠯᠠᠪᠠ᠃    ᠲᠠᠷᠢᠮᠠᠯ ᠤᠨ ᠤᠷᠮᠠᠰᠢᠭᠤᠯᠤᠯ ᠤᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠲᠠᠷᠢᠭᠰᠠᠳ ᠲᠤ ᠴᠢᠭᠯᠡᠭᠦᠯᠦᠨ 950 ᠲᠠᠷᠢᠶᠠᠴᠢᠨ ᠡᠷᠦᠬᠡ ᠳᠤ ᠨᠥᠬᠦᠪᠥᠷᠢ ᠥᠭᠴᠦ᠂ 23.0265 ᠲᠦᠮᠡᠨ ᠮᠥ ᠲᠠᠷᠢᠶᠠᠨ ᠭᠠᠵᠠᠷ ᠢ ᠬᠠᠮᠤᠷᠴᠤ᠂ 1237.0181 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠣᠷᠣᠭᠤᠯᠤᠨ ᠲᠠᠷᠢᠶᠠᠴᠢᠳ ᠤᠨ ᠲᠠᠷᠢᠶ᠎ᠠ ᠲᠠᠷᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠪᠠ᠃    ᠭᠤᠣᠯᠳᠠᠯᠭ᠎ᠠ ᠲᠠᠢ ᠲᠥᠷᠥᠯ ᠵᠦᠢᠯ ᠤᠨ ᠦᠷ᠎ᠡ ᠪᠦᠲᠦᠭᠡᠯ ᠡᠯᠪᠡᠭ ᠳᠡᠯᠪᠡᠭ᠂ ᠠᠮᠤ ᠪᠤᠳᠠᠭ᠎ᠠ ᠲᠣᠰᠣᠯᠢᠭ ᠵᠦᠢᠯ ᠤᠨ ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠪᠣᠯᠬᠤ 33 ᠡᠷᠦᠬᠡ ᠦᠢᠯᠡᠳᠪᠦᠷᠢᠯᠡᠯ ᠤᠨ ᠭᠤᠣᠯ ᠴᠣᠭᠴᠠ ᠳᠤ 375 ᠲᠦᠮᠡᠨ ᠲᠥᠭᠦᠷᠢᠭ ᠤᠨ ᠲᠤᠰᠬᠠᠢ ᠨᠥᠬᠦᠪᠦᠷᠢ ᠬᠠᠩᠭᠠᠵᠤ᠂ ᠲᠥᠷᠥᠯ ᠵᠦᠢᠯ ᠤᠨ ᠭᠤᠣᠯ ᠴᠣᠭᠴᠠ ᠶᠢᠨ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ 1922.72 ᠵᠢᠩ ᠪᠣᠯᠭᠠᠨ ᠳᠡᠭᠡᠭᠰᠢᠯᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠪᠡ︔ ᠰᠢᠷ᠎ᠠ ᠪᠤᠷᠴᠠᠭ ᠤᠨ ᠲᠣᠰᠣ ᠥᠨᠳᠥᠷ ᠤᠨᠠᠯᠲᠠ ᠶᠢᠨ ᠲᠥᠷᠥᠯ ᠵᠦᠢᠯ ᠨᠢ 1 ᠡᠷᠦᠬᠡ ᠶᠢ ᠲᠡᠳᠬᠦᠨ ᠳᠡᠮᠵᠢᠵᠦ᠂ 551.45 ᠮᠦ ᠭᠠᠵᠠᠷ ᠰᠢᠷᠣᠢ ᠳᠤ ᠰᠢᠷ᠎ᠠ ᠪᠤᠷᠴᠠᠭ ᠤᠨ ᠮᠦ ᠪᠦᠷᠢ ᠶᠢᠨ ᠤᠨᠠᠯᠲᠠ ᠶᠢ 630 ᠵᠢᠩ ᠥᠨᠳᠥᠷ ᠪᠣᠯᠭᠠᠵᠤ᠂ 1.56 ᠲᠦᠮᠡᠨ ᠲᠥᠭᠦᠷᠢᠭ ᠤᠨ ᠨᠥᠬᠦᠪᠦᠷᠢ ᠥᠭᠴᠦ ᠥᠨᠳᠥᠷ ᠤᠨᠠᠯᠲᠠ ᠲᠠᠢ ᠰᠢᠷ᠎ᠠ ᠪᠤᠷᠴᠠᠭ ᠤᠨ ᠦᠢᠯᠡᠳᠪᠦᠷᠢᠯᠡᠯ ᠳᠤ ᠬᠦᠴᠦᠨ ᠨᠡᠮᠡᠷᠢᠯᠡᠪᠡ︔ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭᠲᠤ ᠲᠥᠷᠥᠯ ᠵᠦᠢᠯ ᠢ ᠨᠠᠷᠢᠯᠢᠭ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠣᠬᠢᠷᠳᠤᠯ ᠦᠭᠡᠢ ᠬᠡᠯᠪᠡᠷᠢ ᠪᠣᠯᠵᠤ ᠬᠤᠪᠢᠷᠠᠬᠤ ᠳᠤ ᠬᠦᠷᠴᠤ ᠨᠡᠮᠡᠷᠢᠯᠡᠨ᠂ ᠬᠥᠳᠡᠭᠡ ᠠᠵᠤ ᠠᠬᠤᠢ ᠶᠢ ᠪᠣᠬᠢᠷᠳᠤᠯ ᠦᠭᠡᠢ᠂ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠪᠣᠯᠭᠠᠨ᠎ᠠ᠃    ᠭᠤᠷᠪᠠ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠲᠣᠳᠣᠷᠬᠠᠢ ᠪᠠᠶᠢᠵᠤ᠂ ᠰᠢᠨ᠎ᠡ ᠠᠶᠠᠨ ᠳᠤ ᠦᠷᠭᠦᠯᠵᠢᠯᠡᠨ ᠡᠷᠡᠯᠬᠡᠭᠯᠡᠨ ᠤᠷᠤᠭᠰᠢᠯᠠᠨ᠎ᠠ    ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠲᠠᠷᠢᠮᠠᠯ ᠤᠨ ᠦᠢᠯᠡᠰ ᠴᠢᠨᠠᠷ ᠰᠠᠶᠢᠲᠠᠢ᠂ ᠦᠷᠭᠦᠯᠵᠢᠯᠡᠬᠦ ᠬᠥᠭᠵᠢᠯᠲᠡ ᠶᠢᠨ ᠴᠢᠭᠯᠡᠯ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠪᠣᠯᠤᠨ᠎ᠠ᠃ ᠨᠢᠭᠡ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠬᠢᠭᠡᠳ ᠮᠡᠷᠭᠡᠵᠢᠯ ᠤᠨ ᠵᠢᠯᠣᠭᠤᠳᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠣᠯᠠᠨ ᠲᠡᠷᠢᠭᠦᠨ ᠤ ᠲᠠᠷᠢᠮᠠᠯ ᠤᠨ ᠮᠡᠷᠭᠡᠵᠢᠯ ᠪᠠ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠬᠤ ᠶᠢᠨ ᠬᠠᠮᠲᠤ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠥᠨᠳᠥᠷ ᠨᠡᠮᠡᠯᠲᠡ ᠥᠷᠲᠡᠭ ᠪᠦᠬᠦᠢ ᠠᠵᠤ ᠠᠬᠤᠢ ᠶᠢᠨ ᠲᠠᠷᠢᠮᠠᠯ ᠤᠨ ᠲᠥᠷᠥᠯ ᠵᠦᠢᠯ ᠢ ᠠᠯᠬᠤᠮ ᠠᠯᠬᠤᠮ ᠢᠶᠠᠷ ᠰᠣᠯᠢᠭᠤᠯᠤᠨ᠎ᠠ᠂ ᠵᠢᠱᠢᠶᠡᠯᠡᠪᠡᠯ ᠵᠠᠳᠠᠭᠠᠢ ᠭᠠᠵᠠᠷ ᠤᠨ ᠯᠠᠵᠤᠤ᠂ ᠬᠤᠨᠢᠨ ᠤ ᠴᠦᠨᠲᠣᠭᠡᠷ ᠮᠥᠭᠦ᠂ ᠲᠠᠷᠪᠤᠰ ᠤᠨ ᠠᠮᠲᠠᠲᠤ ᠬᠡᠮᠬᠡ ᠵᠡᠷᠭᠡ ᠪᠣᠯᠤᠨ᠎ᠠ᠃ ᠨᠥᠭᠦᠭᠡ ᠲᠠᠯ᠎ᠠ ᠪᠠᠷ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠮᠡᠴᠡᠨ ᠣᠯᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤᠯᠠᠯᠲᠠ᠂ ᠤᠰᠤ ᠵᠠᠯᠠᠬᠤ ᠨᠥᠬᠦᠴᠡᠯ ᠢ ᠰᠠᠶᠢᠵᠢᠷᠠᠭᠤᠯᠵᠤ᠂ ᠲᠠᠷᠢᠮᠠᠯ ᠤᠨ ᠦᠢᠯᠡᠰ ᠤᠨ ᠲᠣᠭᠲᠠᠭᠤᠨ ᠬᠥᠭᠵᠢᠯᠲᠡ ᠳᠤ ᠰᠠᠭᠤᠷᠢ ᠶᠢ ᠪᠠᠲᠤ ᠲᠠᠯᠪᠢᠨ᠎ᠠ᠃ ᠡᠭᠦᠨ ᠤ ᠬᠠᠮᠲᠤ᠂ ᠠᠮᠢ ᠠᠬᠤᠢ ᠶᠢᠨ ᠲᠠᠷᠢᠶᠠᠯᠠᠩ ᠤᠨ ᠣᠶᠢᠯᠠᠭᠠᠭᠳᠠᠬᠤᠨ ᠢ ᠴᠢᠩᠭᠠᠳᠬᠠᠵᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠳᠡᠯᠭᠡᠷᠡᠭᠦᠯᠵᠦ᠂ ᠲᠠᠷᠢᠶᠠᠨ ᠤ ᠡᠮ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠨ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠦᠨ᠎ᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号