ᠵᠢᠦ ᠶᠤᠸᠠᠨ ᠲᠣᠭᠤᠷᠢᠭ ᠤᠨ ᠡᠨᠡ ᠲᠣᠰᠭᠤᠨ ᠨᠢ ᠵᠠᠮ ᠤᠨ ᠳ᠋ᠧᠩ ᠲᠠᠭᠠᠷᠠᠭᠤᠯᠪᠠ
ᠨᠡᠶᠢᠲᠡᠯᠡᠭᠰᠡᠨ ᠴᠠᠭ᠄
2025/1/9
    ᠬᠥᠳᠡᠭᠡ ᠲᠣᠰᠬᠤᠨ ᠤ ᠵᠠᠮ ᠤᠨ ᠭᠡᠷᠡᠯᠲᠦᠭᠦᠯᠭᠡ ᠶᠢ ᠰᠠᠶᠢᠵᠢᠷᠠᠭᠤᠯᠬᠤ ᠪᠣᠯ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠴᠢᠬᠤᠯᠠ ᠡᠭᠦᠷᠭᠡ ᠶᠢᠨ ᠨᠢᠭᠡ ᠪᠣᠯᠤᠨ᠎ᠠ᠂ ᠱᠠ ᠾᠧ ᠵᠡᠭᠡᠯᠢ ᠭᠤᠳᠤᠮᠵᠢ ᠶᠢᠨ ᠬᠢᠨ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠭᠰᠡᠭᠡᠷ ᠢᠷᠡᠵᠡᠢ᠃
111111.jpg
     ᠣᠶᠢᠯᠠᠭᠠᠭᠰᠠᠨ ᠢᠶᠠᠷ᠂ ᠱᠠ ᠾᠧ ᠵᠡᠭᠡᠯᠢ ᠭᠤᠳᠤᠮᠵᠢ ᠶᠢᠨ ᠪᠠᠷᠠᠭᠤᠨ ᠣᠪᠣᠭ᠎ᠠ ᠲᠣᠰᠬᠤᠨ ᠯᠢᠶᠠᠩ ᠵᠢᠶᠠ ᠶᠢᠩᠽᠢ ᠲᠣᠰᠬᠤᠨ᠂ ᠡᠷᠡᠭᠦᠯ ᠮᠡᠨᠳᠦ ᠵᠠᠮ ᠤᠨ ᠠᠷᠪᠠᠳᠤᠭᠠᠷ ᠬᠥᠷᠰᠢ ᠵᠡᠷᠭᠡᠯᠡᠳᠡᠭᠡ᠂ ᠬᠥᠮᠦᠨ ᠠᠮᠠ ᠶᠢᠨ ᠣᠷᠣᠰᠢᠨ ᠰᠠᠭᠤᠴᠠ ᠨᠢ ᠨᠢᠭᠲᠠ᠂ ᠪᠦᠲᠦᠭᠡᠨ ᠪᠠᠢᠭᠤᠯᠤᠭᠠᠳ ᠣᠯᠠᠨ ᠵᠢᠯ ᠪᠣᠯᠵᠤ᠂ ᠰᠠᠭᠤᠷᠢ ᠲᠥᠬᠦᠭᠡᠷᠦᠮᠵᠢ ᠪᠦᠷᠢᠨ ᠪᠤᠰᠤ ᠪᠠᠢᠵᠠᠢ᠃ ᠪᠠᠷᠠᠭᠤᠨ ᠣᠪᠣᠭ᠎ᠠ ᠲᠣᠰᠬᠤᠨ ᠤ ᠳᠣᠲᠣᠷ᠎ᠠ ᠡᠮᠦᠨᠡᠰᠢ ᠤᠮᠠᠷᠠᠰᠢ ᠴᠢᠭᠯᠡᠯ ᠢᠶᠠᠷ ᠨᠡᠪᠲᠡᠷᠡᠬᠦ ᠵᠠᠮ 10 ᠵᠤᠷᠪᠤᠰ ᠪᠠᠢᠵᠤ᠂ ᠵᠠᠮ ᠪᠦᠷᠢ ᠶᠢᠨ ᠤᠷᠲᠤ ᠨᠢ ᠪᠠᠷᠤᠭ 300 ᠮᠧᠲᠷ ᠂ ᠵᠡᠭᠦᠨᠰᠢ ᠪᠠᠷᠠᠭᠤᠨᠰᠢ ᠴᠢᠭᠯᠡᠯ ᠢᠶᠠᠷ ᠨᠡᠪᠲᠡᠷᠡᠬᠦ 320 ᠮᠧᠲᠷ ᠤᠨ ᠵᠠᠮ ᠨᠢᠭᠡ ᠪᠠᠢᠵᠤ᠂ ᠶᠡᠷᠦᠩᠬᠡᠢ ᠵᠠᠮ ᠤᠨ ᠤᠷᠲᠤ ᠨᠢ ᠪᠠᠷᠤᠭ 3300 ᠮᠧᠳ᠋ᠷ ᠪᠠᠢᠵᠠᠢ᠃    ᠵᠠᠮ ᠤᠨ ᠬᠠᠵᠠᠭᠤ ᠳᠤ ᠵᠠᠮ ᠤᠨ ᠳ᠋ᠧᠩ ᠳᠤᠲᠠᠭᠳᠠᠵᠤ᠂ ᠲᠣᠰᠬᠤᠨ ᠤ ᠠᠷᠠᠳ ᠤᠨ ᠰᠥᠨᠢ ᠪᠠᠷ ᠶᠠᠪᠤᠵᠤ ᠰᠠᠭᠤᠬᠤ ᠠᠮᠤᠷ ᠲᠦᠪᠰᠢᠨ ᠢ ᠨᠥᠯᠥᠭᠡᠯᠡᠵᠦ᠂ ᠲᠣᠰᠬᠤᠨ ᠤ ᠠᠷᠠᠳ ᠴᠥᠮ ᠡᠷᠲᠡᠬᠡᠨ ᠵᠠᠮ ᠤᠨ ᠳ᠋ᠧᠩ ᠤᠭᠰᠠᠷᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢ ᠬᠦᠰᠡᠵᠦ ᠪᠠᠢᠯ᠎ᠠ᠃    ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠣᠰᠬᠤᠨ ᠤ ᠠᠷᠠᠳ ᠤᠨ ᠰᠥᠨᠢ ᠪᠠᠷ ᠭᠠᠳᠠᠭᠰᠢ ᠭᠠᠷᠬᠤ ᠠᠮᠤᠷ ᠲᠦᠪᠰᠢᠨ ᠢ ᠪᠦᠬᠦ ᠲᠠᠯ᠎ᠠ ᠪᠠᠷ ᠪᠠᠲᠤᠯᠠᠬᠤ ᠶᠢᠨ ᠲᠥᠯᠥᠭᠡ᠂ ᠱᠠ ᠾᠧ ᠵᠡᠭᠡᠯᠢ ᠭᠤᠳᠤᠮᠵᠢ ᠶᠢᠨ ᠬᠢᠨ ᠪᠦᠬᠦ ᠬᠦᠴᠦᠨ ᠢᠶᠠᠷ ᠢᠶᠠᠨ ᠪᠡᠯᠡ ᠮᠥᠩᠭᠦ ᠭᠤᠶᠤᠴᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠲᠥᠷᠥᠯ ᠵᠦᠢᠯ ᠢ ᠭᠤᠶᠤᠴᠢᠯᠠᠵᠤ᠂ ᠪᠠᠷᠠᠭᠤᠨ ᠣᠪᠣᠭ᠎ᠠ ᠲᠣᠰᠬᠤᠨ ᠤ ᠭᠡᠷᠡᠯᠲᠦᠭᠦᠯᠭᠡ ᠶᠢᠨ ᠢᠨᠵᠧᠨᠧᠷᠢᠩ ᠤᠨ ᠲᠥᠷᠥᠯ ᠵᠦᠢᠯ ᠢ ᠶᠡᠬᠡᠪᠡᠷ ᠠᠬᠢᠭᠤᠯᠪᠠ᠃ ᠡᠭᠦᠨ ᠤ ᠬᠠᠮᠲᠤ᠂ ᠢᠳᠡᠪᠬᠢᠲᠡᠢ ᠪᠡᠷᠶᠠᠷᠢᠯᠴᠠᠬᠤ ᠬᠤᠷᠠᠯ ᠵᠣᠬᠢᠶᠠᠨ ᠪᠠᠶᠢᠭᠤᠯᠵᠤ᠂ ᠵᠠᠮ ᠤᠨ ᠳ᠋ᠧᠩ ᠤᠭᠰᠠᠷᠠᠬᠤ ᠢᠨᠵᠧᠨᠧᠷᠢᠩ ᠤᠨ ᠵᠠᠩᠭᠢᠯᠠᠭ᠎ᠠ ᠶᠢᠨ ᠭᠤᠭᠴᠤᠭ᠎ᠠ ᠨᠢᠭᠡᠪᠦᠷᠢ ᠶᠢ ᠨᠠᠷᠢᠯᠢᠬᠵᠢᠭᠤᠯᠵᠤ᠂ ᠵᠠᠮ ᠤᠨ ᠳ᠋ᠧᠩ ᠤᠭᠰᠠᠷᠠᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃    ᠣᠶᠢᠷ᠎ᠠ ᠶᠢᠨ ᠬᠤᠭᠤᠴᠠᠭᠠᠨ ᠳᠤ᠂ ᠡᠯ᠎ᠡ ᠲᠠᠯ᠎ᠠ ᠶᠢᠨ ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ ᠪᠠᠷᠠᠭᠤᠨ ᠣᠪᠣᠭ᠎ᠠ ᠲᠣᠰᠬᠤᠨ ᠤ ᠭᠡᠷᠡᠯᠲᠦᠭᠦᠯᠭᠡ ᠶᠢᠨ ᠢᠨᠵᠧᠨᠧᠷᠢᠩ ᠤᠨ ᠲᠥᠷᠥᠯ ᠵᠦᠢᠯ ᠲᠡᠭᠦᠰ ᠠᠮᠵᠢᠯᠲᠠ ᠲᠠᠢ ᠲᠡᠭᠦᠰᠪᠡ᠃ 130 ᠭᠠᠷᠤᠢ ᠨᠠᠷᠠᠨ ᠡᠨᠧᠷᠭᠢ ᠶᠢᠨ ᠵᠠᠮ ᠤᠨ ᠳ᠋ᠧᠩ ᠲᠣᠰᠬᠤᠨ ᠤ ᠳᠤᠮᠳᠠ ᠭᠤᠳᠤᠮᠵᠢ ᠪᠠᠷ ᠵᠡᠷᠭᠡᠪᠡᠷ ᠭᠡᠷᠡᠯᠳᠦᠵᠦ᠂ ᠶᠠᠭ ᠯᠠ ᠣᠳᠣᠨ ᠮᠡᠴᠢᠳ ᠭᠢᠯᠠᠯᠵᠠᠵᠤ᠂ ᠲᠣᠰᠬᠤᠨ ᠤ ᠠᠷᠠᠳ ᠤᠨ ᠠᠮᠤᠷ ᠲᠦᠪᠰᠢᠨ ᠢᠶᠠᠷ ᠭᠡᠷ ᠲᠡᠭᠡᠨ ᠬᠠᠷᠢᠬᠤ ︽ᠡᠴᠦᠰ ᠤᠨ ᠨᠢᠭᠡ ᠺᠢᠯᠣᠮᠧᠳ᠋ᠷ︾ ᠢ ᠭᠡᠷᠡᠯᠲᠦᠭᠦᠯᠪᠡ᠃    ᠳᠠᠷᠠᠭᠠᠴᠢ ᠶᠢᠨ ᠠᠯᠬᠤᠮ ᠳᠤ᠂ ᠱᠠ ᠾᠧ ᠵᠡᠭᠡᠯᠢ ᠭᠤᠳᠤᠮᠵᠢ ᠶᠢᠨ ᠬᠢᠨ ᠴᠢᠳᠠᠪᠤᠷᠢ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠦᠨᠡᠨᠬᠦ ︽ᠰᠡᠳᠬᠢᠬᠦᠢ ᠶᠢ ᠨᠢ ᠲᠠᠶᠢᠯᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠶᠢ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ︽ᠰᠡᠳᠬᠢᠬᠦᠢ ᠶᠢ ᠨᠢ ᠲᠠᠶᠢᠯᠬᠤ︾ ᠶᠢ ᠡᠯ᠎ᠡ ᠵᠦᠢᠯ ᠤᠨ ᠠᠵᠢᠯ ᠤᠨ ᠳᠤᠮᠳᠠ ᠲᠤᠤᠱᠯᠠᠭᠤᠯᠵᠤ᠂ ᠨᠡᠩ ᠥᠨᠳᠥᠷ ᠪᠠᠷᠢᠮᠵᠢᠶ᠎ᠠ ᠪᠠᠷ ᠨᠡᠩ ᠰᠠᠶᠢᠨ ᠪᠠᠶᠢᠳᠠᠯ ᠢᠶᠠᠷ ᠡᠯ᠎ᠡ ᠵᠦᠢᠯ ᠤᠨ ᠪᠣᠲᠠᠲᠤ ᠠᠵᠢᠯ ᠢᠶᠠᠨ ᠠᠳᠬᠤᠵᠤ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠷᠭᠦᠯᠵᠢᠯᠡᠨ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号