ᠵᠢᠦ ᠶᠤᠸᠠᠨ ᠲᠣᠭᠤᠷᠢᠭ ᠨᠢ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠲᠠᠢ ᠪᠣᠯᠣᠯ᠎ᠠ
ᠨᠡᠶᠢᠲᠡᠯᠡᠭᠰᠡᠨ ᠴᠠᠭ᠄
2025/1/9
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠶᠢᠨ ᠨᠡᠶᠢᠭᠡᠮ ᠤᠨ ᠠᠵᠢᠯ ᠤᠨ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ 2024 ᠣᠨ ᠤ ᠪᠦᠬᠦ ᠤᠯᠤᠰ ᠤᠨ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠨᠡᠶᠢᠲᠡ 7 ᠬᠥᠮᠦᠨ ᠪᠠᠲᠤᠯᠠᠪᠠ᠂ ᠡᠭᠦᠨ ᠳᠤ ᠪᠤᠭᠤᠲᠤ ᠬᠤᠲᠠ 2 ᠬᠥᠮᠦᠨ᠂ ᠵᠢᠦ ᠶᠤᠸᠠᠨ ᠲᠣᠭᠤᠷᠢᠭ ᠤᠨ ᠨᠠᠮ ᠤᠨ ᠬᠤᠷᠢ᠊ ᠡᠶ᠎ᠡ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠭᠦᠸᠧ ᠶᠠᠨ ᠹᠠᠩ ᠨᠥᠬᠦᠷ ᠡᠭᠦᠨ ᠳᠤ ᠵᠢᠭᠰᠠᠭᠠᠭᠳᠠᠪᠠ᠃ ᠬᠤᠪᠢ ᠬᠥᠮᠦᠨ ᠭᠤᠶᠤᠴᠢᠯᠠᠨ ᠮᠡᠳᠡᠭᠦᠯᠬᠦ᠂ ᠨᠢᠭᠡᠴᠡ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠵᠣᠬᠢᠶᠠᠨ ᠪᠠᠶᠢᠭᠤᠯᠤᠯᠲᠠ ᠶᠢ ᠲᠥᠪᠯᠡᠷᠡᠭᠦᠯᠦᠨ ᠠᠩᠬ᠎ᠠ ᠬᠢᠨᠠᠬᠤ ᠪᠠᠷ ᠳᠠᠮᠵᠢᠨ᠂ ᠪᠦᠬᠦ ᠤᠯᠤᠰ ᠤᠨ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢ ᠬᠢᠨᠠᠨ ᠲᠣᠭᠲᠠᠭᠠᠬᠤ ᠵᠥᠪᠯᠡᠯ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠢᠯᠭᠠᠷᠠᠭᠤᠯᠬᠤ ᠪᠠᠷ ᠳᠠᠮᠵᠢᠨ᠂ ᠭᠦᠸᠧ ᠶᠠᠨ ᠹᠠᠩ ᠨᠥᠬᠦᠷ ᠨᠢ ᠵᠢᠦ ᠶᠤᠸᠠᠨ ᠲᠣᠭᠤᠷᠢᠭ ᠤᠨ ᠠᠩᠬᠠᠳᠠᠭᠴᠢ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠠᠵᠢᠯ ᠮᠡᠷᠭᠡᠵᠢᠯ ᠤᠨ ᠬᠢᠷᠢ ᠭᠡᠮ ᠣᠯᠤᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠣᠯᠪᠠ᠃    ᠣᠶᠢᠯᠠᠭᠠᠭᠰᠠᠨ ᠢᠶᠠᠷ᠂ ᠣᠳᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠶᠢᠲᠡ 16 ᠬᠦᠮᠤᠨ ᠨᠢ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠬᠢᠷᠢ ᠭᠡᠮ ᠢ ᠭᠥᠷᠳᠡᠪᠡ᠃ ᠳᠡᠭᠡᠳᠦ ᠵᠡᠷᠭᠡ ᠶᠢᠨ ᠨᠡᠶᠢᠭᠡᠮ ᠤᠨ ᠠᠵᠢᠯᠲᠠᠨ ᠪᠣᠯ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠬᠠᠮᠤᠭ ᠤᠨ ᠳᠡᠭᠡᠳᠦ ᠳᠡᠰ ᠮᠥᠨ᠂ ᠮᠠᠨ ᠤ ᠤᠯᠤᠰ ᠤᠨ ᠣᠳᠣᠬᠠᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠲᠦᠪᠰᠢᠨ ᠢ ᠦᠨᠡᠯᠡᠬᠦ ᠰᠢᠰᠲ᠋ᠧᠮ ᠳᠤᠮᠳᠠ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠬᠠᠮᠤᠭ ᠤᠨ ᠳᠡᠭᠡᠳᠦ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠲᠥᠯᠥᠭᠡᠯᠡᠵᠦ᠂ ᠨᠡᠶᠢᠭᠡᠮ ᠤᠨ ᠠᠵᠢᠯ ᠤᠨ ᠲᠤᠰᠬᠠᠶᠢᠵᠢᠯᠲᠠ᠂ ᠠᠵᠢᠯ ᠮᠡᠷᠭᠡᠵᠢᠭᠰᠡᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠃    ᠭᠦᠸᠧ ᠶᠠᠨ ᠹᠠᠩ ᠨᠥᠬᠦᠷ ᠣᠯᠠᠨ ᠵᠢᠯ ᠤᠨ ᠠᠵᠢᠯ ᠤᠨ ᠳᠤᠮᠳᠠ᠂ ᠨᠡᠶᠢᠭᠡᠮ ᠤᠨ ᠠᠵᠢᠯ ᠤᠨ ᠲᠤᠬᠠᠢ ᠬᠠᠯᠠᠭᠤᠨ ᠰᠡᠳᠬᠢᠯᠭᠡ ᠪᠠ ᠡᠷᠡᠰ ᠵᠣᠷᠢᠭ ᠢ ᠢᠮᠠᠭᠲᠠ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠ ᠪᠣᠳᠠᠲᠠᠢ ᠶᠢ ᠡᠷᠬᠢᠮᠯᠡᠭᠰᠡᠨ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠢᠯᠡᠷᠡᠭᠦᠯᠪᠡ᠃ ᠲᠡᠷᠡ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠰᠢᠯᠭᠠᠷᠠᠭᠤᠯᠤᠯᠲᠠ ᠪᠠᠷ ᠠᠮᠵᠢᠯᠲᠠ ᠣᠯᠵᠤ᠂ ᠵᠢᠦ ᠶᠤᠸᠠᠨ ᠲᠣᠭᠤᠷᠢᠭ ᠤᠨ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠦᠭᠰᠡᠨ ᠨᠢ ᠮᠠᠨ ᠤ ᠰᠠᠯᠠᠭ᠎ᠠ ᠮᠥᠴᠢᠷ ᠤᠨ ᠨᠢᠭᠡᠨ ᠶᠡᠭᠡ ᠪᠠᠶᠠᠷ ᠤᠨ ᠶᠠᠪᠤᠳᠠᠯ ᠪᠣᠯᠬᠤ ᠪᠠᠷ ᠪᠠᠷᠠᠬᠤ ᠦᠭᠡᠢ᠂ ᠪᠠᠰᠠ ᠴᠤ ᠪᠦᠬᠦ ᠲᠣᠭᠤᠷᠢᠭ ᠤᠨ ᠨᠡᠶᠢᠭᠡᠮ ᠤᠨ ᠠᠵᠢᠯ ᠤᠨ ᠬᠦᠷᠢᠶᠡᠨ ᠳᠠᠬᠢ ᠢᠷᠠᠭᠤ ᠠᠯᠳᠠᠷ ᠮᠥᠨ᠃    ᠣᠳᠣᠬᠠᠨ ᠳᠤ ᠮᠠᠨ ᠤ ᠲᠣᠭᠤᠷᠢᠭ ᠲᠤ ᠦᠨᠡᠮᠯᠡᠯ ᠠᠪᠴᠤ ᠪᠠᠶᠢᠭ᠎ᠠ ᠨᠡᠶᠢᠭᠡᠮ ᠤᠨ ᠠᠵᠢᠯ ᠤᠨ ᠴᠢᠳᠠᠪᠤᠷᠢᠲᠠᠨ ᠨᠡᠶᠢᠲᠡ 236 ᠪᠠᠶᠢᠵᠤ᠂ ᠡᠭᠦᠨ ᠳᠤ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ 1᠂ ᠳᠤᠮᠳᠠ ᠵᠡᠷᠭᠡ ᠶᠢᠨ ᠨᠡᠶᠢᠭᠡᠮ ᠤᠨ ᠠᠵᠢᠯᠯᠠᠭᠴᠢ 75᠂ ᠲᠤᠰᠠᠯᠠᠬᠤ ᠨᠡᠶᠢᠭᠡᠮ ᠤᠨ ᠠᠵᠢᠯᠯᠠᠭᠴᠢ 160 ᠪᠤᠢ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号