ᠣᠶᠢᠷ᠎ᠠ ᠳᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠦᠨᠡᠨ ᠬᠦ | ᠪᠠᠳᠠᠷᠠᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠳᠤᠯᠠᠭᠠᠨ ᠪᠦᠯᠢᠶᠡᠨ ᠥᠯᠵᠡᠢ ᠪᠡᠯᠭᠡ ᠲᠠᠢ ᠴᠠᠭᠠᠨ | ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ ᠡᠷᠲᠡ ᠠᠴᠠ ᠠᠷᠭ᠎ᠠ ᠰᠦᠪᠡᠭᠴᠢᠯᠡᠬᠦ᠂ ᠡᠷᠲᠡ ᠠᠴᠠ ᠪᠠᠶᠢᠷᠢᠯᠠᠭᠤᠯᠬᠤ᠂ ᠢᠳᠡᠪᠬᠢᠲᠡᠶ ᠪᠠᠷ | ᠪᠡᠯᠡ ᠮᠥᠩᠭᠦ ᠴᠤᠭᠯᠠᠭᠤᠯᠬᠤ ᠶᠢ ᠪᠠᠷᠢᠮᠲᠠᠯᠠᠵᠤ᠂ ᠪᠠᠶᠠᠷ ᠤᠨ ᠡᠳᠦᠷ ᠠᠴᠠ ᠡᠮᠦᠨᠡᠬᠢ ᠡᠯ᠎ᠡ ᠵᠦᠢᠯ ᠤᠨ ᠴᠠᠯᠢᠩ | ᠨᠥᠬᠦᠪᠥᠷᠢ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠲᠠᠷᠬᠠᠭᠠᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠪᠠ᠃ | ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠢᠮᠠᠭᠲᠠ ︽ᠴᠠᠯᠢᠩ ᠢ ᠪᠠᠲᠤᠯᠠᠬᠤ︾ ᠶᠢ ︽ | ᠭᠤᠷᠪᠠ ᠶᠢ ᠪᠠᠲᠤᠯᠠᠬᠤ︾ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠵᠤ᠂ ᠵᠦᠶ ᠵᠣᠬᠢᠰᠲᠠᠶ ᠳᠣᠭᠢᠷᠠᠭᠤᠯᠤᠨ᠂ ᠲᠥᠰᠦᠪ ᠤᠨ ᠬᠠᠮᠢᠶᠠᠷᠤᠯᠲᠠ ᠶᠢ ᠲᠠᠰᠤᠷᠠᠯᠲᠠ ᠥᠬᠡᠶ | ᠴᠢᠩᠭᠠᠳᠬᠠᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠴᠠᠯᠢᠩ ᠢ ᠨᠢᠭᠡᠳᠦᠯᠲᠡᠶ | ᠲᠠᠷᠬᠠᠭᠠᠬᠤ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠴᠢᠩᠭᠠᠳᠬᠠᠵᠤ᠂ ᠴᠠᠯᠢᠩ ᠢ ᠨᠥᠬᠦᠵᠦ ᠥᠭᠬᠦ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ | ᠬᠦ ᠪᠠᠲᠤᠯᠠᠪᠠ᠃ ᠣᠶᠢᠷ᠎ᠠ ᠶᠢᠨ ᠬᠤᠭᠤᠴᠠᠭᠠᠨ ᠳᠤ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠬᠤ ᠪᠠ ᠡᠷᠡᠭᠦᠯ | ᠬᠠᠮᠠᠭᠠᠯᠠᠯ ᠤᠨ ᠵᠠᠷᠤᠳᠠᠯ ᠢ 1801.97 ᠲᠦᠮᠡᠨ ᠲᠥᠭᠦᠷᠢᠭ ᠨᠥᠬᠦᠪᠥᠷᠢᠯᠡᠨ ᠥᠭᠴᠦ᠂ 7 ᠮᠢᠩᠭ᠎ᠠ ᠭᠠᠷᠤᠶ | ᠬᠥᠮᠦᠨ ᠳᠤ ᠬᠤᠯᠪᠣᠭᠳᠠᠪᠠ︔ ᠠᠷᠪᠠᠨ ᠭᠤᠷᠪᠠᠳᠤᠭᠠᠷ ᠰᠠᠷ᠎ᠠ ᠶᠢᠨ ᠴᠠᠯᠢᠩ ᠪᠠ ᠢᠯᠴᠢ ᠬᠠᠩᠭᠠᠬᠤ ᠨᠥᠬᠦᠪᠥᠷᠢ | 3300.23 ᠲᠦᠮᠡᠨ ᠲᠥᠭᠦᠷᠢᠭ ᠪᠠᠶᠢᠵᠤ᠂ 1.3 ᠲᠦᠮᠡᠨ ᠬᠥᠮᠦᠨ ᠳᠤ ᠬᠤᠯᠪᠣᠭᠳᠠᠵᠠᠶ᠃ | ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠴᠠᠯᠢᠩ ᠢ | ᠬᠢᠨᠠᠨ ᠬᠠᠷᠭᠤᠭᠤᠯᠬᠤ ᠶᠠᠪᠤᠴᠠ ᠶᠢ ᠴᠢᠩᠭ᠎ᠠ ᠬᠢᠵᠠᠭᠠᠷᠯᠠᠵᠤ᠂ ᠪᠡᠯᠡ ᠮᠥᠩᠭᠦ ᠥᠭᠬᠦ ᠡᠯ᠎ᠡ ᠵᠦᠢᠯ ᠤᠨ ᠲᠦᠷᠢᠮ | ᠲᠣᠭᠲᠠᠭᠠᠯ ᠢ ᠡᠮᠬᠢᠯᠡᠨ ᠲᠡᠭᠦᠯᠳᠡᠷᠵᠢᠭᠦᠯᠵᠦ᠂ ᠨᠢᠭᠡᠳᠦᠯᠲᠡᠢ ᠲᠠᠷᠬᠠᠭᠠᠬᠤ ᠶᠠᠪᠤᠴᠠ ᠶᠢ ᠵᠢᠷᠤᠮᠵᠢᠭᠤᠯᠵᠤ᠂ | ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠳᠡᠭᠡᠳᠦ ᠱᠠᠲᠤᠨ ᠠᠴᠠ ᠲᠣᠭᠲᠠᠭᠠᠭᠰᠠᠨ ᠴᠠᠯᠢᠩ ᠲᠠᠯᠪᠢᠬᠤ | ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠥᠮᠦᠨ ᠳᠠᠷᠠᠭᠠᠯᠠᠨ ᠵᠦᠢᠯ ᠳᠠᠷᠠᠭᠠᠯᠠᠨ ᠬᠢᠨᠠᠨ | ᠬᠠᠷᠭᠤᠭᠤᠯᠵᠤ᠂ ᠴᠠᠯᠢᠩ ᠣᠯᠭᠤᠪᠠᠰᠤ ᠵᠣᠬᠢᠬᠤ ᠵᠥᠪ ᠣᠨᠣᠪᠴᠢᠲᠤ ᠴᠢᠨᠠᠷ᠂ ᠴᠠᠯᠢᠩ ᠤᠨ ᠶᠡᠷᠦᠩᠬᠡᠶ ᠲᠤᠭ᠎ᠠ ᠶᠢᠨ | ᠲᠣᠭᠲᠠᠭᠠᠯ ᠳᠤ ᠨᠡᠶᠢᠴᠡᠬᠦ ᠴᠢᠨᠠᠷ᠂ ᠵᠦᠶ ᠶᠣᠰᠣᠴᠢ ᠴᠢᠨᠠᠷ ᠵᠡᠷᠭᠡ ᠲᠠᠯ᠎ᠠ ᠪᠠᠷ ᠬᠢᠨᠠᠨ ᠬᠠᠷᠭᠤᠭᠤᠯᠬᠤ ᠪᠣᠭᠤᠮᠲᠠ ᠶᠢ | ᠴᠢᠩᠭ᠎ᠠ ᠠᠳᠬᠤᠨ᠎ᠠ᠃ ᠡᠭᠦᠨ ᠤ ᠬᠠᠮᠲᠤ᠂ ᠴᠠᠯᠢᠩ ᠢ ᠣᠷᠣᠯᠠᠨ ᠲᠠᠷᠬᠠᠭᠠᠬᠤ ᠪᠠᠩᠬᠢ ᠯᠤᠭ᠎ᠠ ᠶᠢᠨ ᠨᠡᠪᠲᠡᠷᠡᠯᠴᠡᠭᠡ | ᠰᠣᠯᠢᠯᠴᠠᠭ᠎ᠠ ᠶᠢ ᠴᠢᠩᠭᠠᠳᠬᠠᠵᠤ᠂ ᠴᠠᠯᠢᠩ ᠳ᠋ᠦᠩᠨᠡᠨ ᠪᠤᠳᠤᠬᠤ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ | ᠦᠨᠡᠨ ᠬᠦ ᠪᠠᠲᠤᠯᠠᠵᠤ᠂ ᠲᠠᠷᠬᠠᠭᠠᠬᠤ ᠠᠵᠢᠯ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠪᠡᠶᠡᠯᠡᠭᠦᠯᠦᠨ᠎ᠡ᠃ | | | | | | | | | | |