ᠡᠷᠲᠡ ᠲᠥᠯᠥᠪᠯᠡᠵᠦ ᠡᠷᠲᠡ ᠬᠦᠳᠡᠯᠦᠯᠴᠡᠬᠦ ᠪᠠᠷ 2025 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠰᠠᠨᠠᠭᠠᠴᠢᠯᠠᠭᠠᠲᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2025/2/11
    ᠵᠢᠯ ᠤᠨ ᠠᠵᠢᠯ ᠬᠠᠪᠤᠷ ᠲᠤ ᠪᠤᠢ᠂ ᠲᠠᠷᠢᠶᠠᠯᠠᠩ ᠤᠨ ᠠᠵᠢᠯ ᠢ ᠡᠷᠲᠡᠬᠡᠨ ᠲᠥᠯᠥᠪᠵᠢᠭᠦᠯᠵᠦ ᠡᠷᠲᠡ ᠬᠥᠳᠡᠯᠦᠯᠴᠡᠬᠦ ᠬᠡᠷᠡᠭᠲᠡᠢ᠃ ᠣᠶᠢᠷ᠎ᠠ ᠳᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠸᠠᠩ ᠳ᠋ᠦᠩ ᠯᠢᠶᠠᠩ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠢ ᠳᠠᠭᠠᠭᠤᠯᠤᠨ ᠬᠤᠶᠠᠷ ᠬᠤᠳᠳᠤᠭ ᠪᠠᠯᠭᠠᠰᠤᠨ ᠳᠤ ᠬᠦᠷᠴᠦ᠂ ᠮᠠᠨ ᠤ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠬᠤᠷᠠᠯ ᠳᠤ ᠣᠷᠣᠯᠴᠠᠵᠤ᠂ 2025 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ᠂ ᠴᠢᠬᠤᠯᠠ ᠡᠭᠦᠷᠭᠡ ᠶᠢ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠠᠩ ᠶᠦᠩ ᠱᠧᠩ᠂ ᠪᠠᠯᠭᠠᠰᠤᠨ ᠤ ᠳᠡᠳ᠋ ᠳᠠᠷᠤᠭ᠎ᠠ ᠹᠧᠩ ᠹᠠᠨ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠱᠦᠵᠢ᠂ ᠡᠯ᠎ᠡ ᠲᠣᠰᠬᠤᠨ ᠳᠤᠭᠤᠶᠢᠯᠠᠩ ᠤᠨ ᠬᠠᠷᠢᠭᠤᠴᠠᠯᠭᠠᠲᠠᠨ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠪᠥᠬᠦ ᠠᠵᠢᠯᠲᠠᠳ ᠲᠣᠰ ᠤᠳᠠᠭᠠᠨ ᠤ ᠬᠤᠷᠠᠯ ᠳᠤ ᠣᠷᠣᠯᠴᠠᠪᠠ᠃
1111111.jpg
    ᠬᠤᠷᠠᠯ ᠳᠡᠭᠡᠷ᠎ᠡ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠳᠤ ᠴᠢᠭᠯᠡᠭᠦᠯᠦᠨ 2025 ᠣᠨ ᠤ ᠲᠠᠷᠢᠶᠠᠯᠠᠩ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠣᠰᠬᠤᠨ ᠤ ᠡᠷᠬᠢᠯᠡᠭᠴᠢ᠂ ᠲᠣᠰᠬᠤᠨ ᠤ ᠳᠤᠭᠤᠶᠢᠯᠠᠩ ᠤᠨ ᠳᠠᠷᠤᠭ᠎ᠠ ᠤᠬᠠᠭᠤᠯᠪᠠ᠃ ᠲᠠᠷᠢᠶᠠᠯᠠᠩ ᠤᠨ ᠲᠦᠷᠦ ᠶᠢᠨ ᠪᠤᠳᠤᠯᠭ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠨᠡᠶᠢᠭᠡᠮᠴᠢᠯᠡᠭᠰᠡᠨ ᠦᠢᠯᠡᠴᠢᠯᠡᠭᠡ᠂ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ᠂ ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠪᠣᠯᠪᠠᠰᠤᠷᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠤᠯᠠᠨ ᠡᠬᠢᠳᠤ ᠪᠣᠬᠢᠷᠲᠤᠯ ᠢ ᠵᠠᠰᠠᠬᠤ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠪᠠ᠃    ᠠᠮᠤ ᠪᠤᠳᠠᠭᠠᠨ ᠤ ᠲᠠᠷᠢᠮᠠᠯ ᠤᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠵᠢᠴᠢ ᠠᠮᠤ ᠪᠤᠳᠠᠭᠠᠨ ᠤ ᠨᠡᠮᠡᠭᠳᠡᠯ ᠢ ᠪᠠᠲᠤᠯᠠᠬᠤ ᠪᠤᠷᠴᠠᠭ ᠰᠢᠷ᠎ᠠ ᠪᠤᠷᠴᠠᠭ ᠳᠠᠷᠢᠬᠤ ᠲᠥᠷᠥᠯ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠢᠴᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠤᠵᠢᠷᠯᠢᠭ ᠭᠠᠵᠠᠷ ᠢ ᠥᠭᠡᠷᠡᠴᠢᠯᠡᠨ ᠵᠢᠱᠢᠶ᠎ᠡ ᠦᠵᠡᠭᠦᠯᠬᠦ ᠬᠢᠭᠡᠳ ᠬᠠᠮᠠᠭᠠᠯᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ︔ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ︽ᠠᠮᠤ ᠪᠤᠳᠠᠭ᠎ᠠ ᠭᠠᠵᠠᠷ ᠰᠢᠷᠣᠶ ᠪᠠᠨ ᠬᠠᠳᠠᠭᠠᠯᠠᠬᠤ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠬᠠᠭᠤᠴᠢᠨ ᠲᠥᠬᠦᠭᠡᠷᠦᠮᠵᠢ ᠶᠢ ᠰᠢᠨᠡᠳᠬᠡᠨ ᠨᠥᠬᠦᠪᠥᠷᠢᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ︔ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠠᠵᠢᠯᠯᠠᠭᠠᠨ ᠤ ᠲᠣᠭᠲᠠᠴᠠ ᠵᠢᠴᠢ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ︔ ᠲᠣᠰᠬᠤᠨ ᠤ ᠬᠠᠮᠲᠤ ᠶᠢᠨ ᠪᠠᠯᠠ ᠮᠥᠩᠭᠦ ᠶᠢᠨ ᠬᠠᠮᠢᠶᠠᠷᠤᠯᠲᠠ ᠵᠢᠴᠢ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠪᠠ᠃    ᠲᠣᠪᠴᠢᠶᠠᠨ ᠳᠠᠷᠤᠭ᠎ᠠ ᠸᠠᠩ ᠳ᠋ᠦᠩ ᠯᠢᠶᠠᠩ ᠲᠣᠰᠬᠤᠨ ᠳᠤᠭᠤᠶᠢᠯᠠᠩ ᠤᠨ ᠺᠠᠳ᠋ᠷᠴᠤᠳ ᠢ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠤᠬᠠᠭᠤᠯᠬᠤ ᠲᠣᠰᠬᠤᠨ ᠢ ᠪᠣᠳᠠᠲᠠᠶᠢᠵᠢᠭᠤᠯᠵᠤ᠂ ᠥᠩᠭᠡᠷᠡᠭᠰᠡᠨ ᠵᠢᠯ ᠤᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠢᠴᠢ ᠨᠡᠶᠢᠭᠡᠮ ᠤᠨ ᠳᠡᠮᠵᠢᠯᠭᠡ ᠪᠠᠷ ᠪᠦᠷᠢᠯᠳᠦᠭᠰᠡᠨ ᠬᠠᠮᠲᠤ ᠶᠢᠨ ᠡᠳ᠋ ᠬᠥᠷᠥᠩᠭᠡ ᠳᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠦᠷ᠎ᠡ ᠠᠰᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠠᠩ ᠶᠦᠩ ᠱᠧᠩ᠂ ᠪᠦᠬᠦ ᠪᠠᠯᠭᠠᠰᠤ ᠪᠠᠷ ᠢᠶᠠᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠲᠤᠮᠤ ᠪᠠᠯᠭᠠᠰᠤ ᠪᠣᠯᠤᠭᠰᠠᠨ ᠤ ᠬᠤᠪᠢ ᠳᠤ᠂ ᠤᠷᠢᠳᠴᠢᠯᠠᠨ ᠪᠡᠯᠡᠳᠬᠡᠵᠦ᠂ ᠪᠡᠯᠡᠳᠬᠡᠯ ᠬᠠᠪᠤᠷ ᠤᠨ ᠲᠠᠷᠢᠶᠠᠯᠠᠭ᠎ᠠ ᠶᠢᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠰᠠᠶᠢᠲᠤᠷ ᠬᠢᠵᠦ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ︔ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ ᠲᠣᠳᠣᠷᠬᠠᠶᠢᠯᠠᠬᠤ ᠶᠢᠨ ᠭᠤᠣᠯᠳᠠᠯᠭ᠎ᠠ ᠪᠣᠯ ᠲᠣᠰᠬᠤᠨ ᠤ ᠳᠤᠭᠤᠶᠢᠯᠠᠩ ᠤᠨ ︽ᠭᠤᠷᠪᠠᠨ ᠪᠡᠯᠡ︾ ᠶᠢᠨ ᠬᠠᠮᠢᠶᠠᠷᠤᠯᠲᠠ ᠵᠢᠴᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠪᠣᠯᠤᠨ᠎ᠠ᠃    ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠪᠠᠯᠭᠠᠰᠤ ᠲᠣᠰᠬᠤᠨ ᠳᠤᠭᠤᠶᠢᠯᠠᠩ ᠤᠨ ᠺᠠᠳ᠋ᠷᠴᠤᠳ ᠤᠨ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠲᠠᠨᠢᠯᠲᠠ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠣᠨᠣᠪᠴᠢᠲᠠᠶ ᠬᠡᠷᠡᠭᠯᠡᠨ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ᠂ ᠲᠠᠷᠢᠶᠠᠴᠢᠳ ᠤᠨ ᠲᠠᠷᠢᠶ᠎ᠠ  ᠲᠠᠷᠢᠬᠤ ᠳᠤ ︽ᠰᠠᠨᠠᠭ᠎ᠠ ᠠᠮᠤᠷ︾ ᠪᠣᠯᠤᠭᠰᠠᠨ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号