ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠤᠨ ᠪᠠᠶᠠᠷ ᠢ ᠪᠡᠯᠭᠡᠯᠡᠵᠦ᠂ ᠬᠠᠷᠠᠩᠭ᠎ᠠ ᠬᠡᠩᠭᠡᠷᠭᠡ ᠪᠠᠷ ᠴᠠᠭᠠᠨ | ᠰᠠᠷ᠎ᠠ ᠶᠢ ᠳᠣᠷᠭᠢᠭᠤᠯᠤᠨ᠎ᠠ︕ 2025 ᠣᠨ ᠤ 2 ᠰᠠᠷ᠎ᠠ ᠶᠢᠨ 10 ᠤ ᠡᠳᠦᠷ᠂ ᠵᠢᠤ ᠶᠤᠸᠠᠨ ᠲᠣᠭᠤᠷᠢᠭ ᠤᠨ | 2025 ᠣᠨ ᠤ ︽ᠤᠮᠠᠷᠠᠲᠤ ᠬᠢᠯᠢ ᠬᠠᠪᠤᠷ ᠡᠷᠲᠡ ᠰᠠᠭᠠᠲᠠᠵᠤ᠂ ᠦᠵᠡᠰᠬᠦᠯᠡᠩᠲᠦ ᠰᠠᠶᠢᠬᠠᠨ ᠵᠢᠤ ᠵᠤᠸᠠᠨ︾ ᠭᠡᠬᠦ | ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠷᠠᠳ ᠤᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ | ᠬᠥᠮᠦᠰ ᠤᠨ ᠳᠤᠮᠳᠠ ᠡᠬᠢᠯᠡᠵᠦ᠂ ᠬᠤᠶᠠᠷ ᠬᠤᠳᠳᠤᠭ ᠤᠨ ᠪᠠᠯᠭᠠᠰᠤᠨ ᠤ 70 ᠭᠠᠷᠤᠢ ᠶᠠᠩᠭᠠᠷ ᠲᠣᠭᠯᠠᠭᠴᠢ | ᠬᠠᠮᠲᠤ ᠪᠠᠷ ᠤᠯᠠᠮᠵᠢᠯᠠᠯᠲᠤ ᠶᠠᠩᠭᠠᠷ ᠳᠠᠭᠤᠤ ︽ᠪᠢᠯᠢᠭᠲᠦ ᠮᠣᠭᠠᠢ ᠶᠢᠨ ᠪᠥᠵᠢᠭᠯᠡᠵᠦ ᠴᠠᠭᠠᠨ ᠰᠠᠷ᠎ᠠ ᠶᠢᠨ ᠠᠷᠪᠠᠨ | ᠲᠠᠪᠤᠨ ᠤ ᠥᠯᠵᠡᠶᠢᠲᠦ ᠡᠳᠦᠷ ᠢᠶᠠᠨ ᠪᠡᠯᠭᠡᠯᠡᠶ᠎ᠡ︾ ᠭᠡᠬᠦ ᠳᠠᠭᠤᠤ ᠶᠢ ᠲᠣᠭᠯᠠᠵᠤ᠂ ᠪᠦᠬᠦ ᠣᠷᠣᠨ ᠤ ᠠᠷᠠᠳ | ᠤᠯᠠᠨ ᠳᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠰᠣᠨᠢᠷᠬᠠᠭᠤᠯᠪᠠ᠃ | | | | ᠲᠣᠭᠯᠠᠯᠲᠠ ᠶᠢᠨ ᠶᠠᠪᠤᠴᠠ ᠳᠤ᠂ ᠬᠠᠷᠠᠩᠭ᠎ᠠ ᠬᠡᠩᠭᠡᠷᠭᠡ ᠶᠢᠨ ᠳᠠᠭᠤᠨ ᠢ ᠳᠠᠭᠠᠯᠳᠤᠨ᠂ ᠭᠡᠰᠢᠭᠦᠳ ᠶᠠᠩᠭᠠᠷ | ᠪᠥᠵᠢᠭᠯᠡᠵᠦ᠂ ᠡᠯᠵᠢᠭᠡ ᠦᠰᠦᠷᠦᠨ ᠪᠣᠰᠴᠤ᠂ ᠪᠠᠶᠠᠷ ᠬᠥᠷ ᠲᠠᠢ ᠠᠯᠬᠤᠭ᠎ᠠ ᠪᠠᠷ ᠢᠶᠠᠨ ᠵᠢᠭᠰᠠᠭᠠᠯ ᠢᠶᠠᠨ ᠲᠠᠰᠤᠷᠠᠯᠲᠠ | ᠦᠭᠡᠢ ᠬᠤᠪᠢᠷᠠᠭᠤᠯᠪᠠ᠃ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠣᠰᠬᠤᠨ ᠤ ᠠᠷᠠᠳ ᠤᠨ ᠴᠤᠭ | ᠪᠠᠳᠠᠷᠠᠩᠭᠤᠶ᠂ ᠢᠳᠡᠪᠬᠢᠲᠡᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ | ᠬᠤᠶᠠᠷ ᠬᠤᠳᠳᠤᠭ ᠤᠨ ᠪᠠᠯᠭᠠᠰᠤ ᠶᠢᠨ ᠢᠳᠡᠪᠬᠢᠲᠡᠶ ᠪᠠᠷ ᠢᠷᠡᠭᠡᠳᠦᠶ ᠵᠦᠭ ᠤᠷᠤᠭᠰᠢᠯᠠᠬᠤ᠂ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠬᠤ ᠣᠪᠣᠷ ᠪᠠ ᠡᠷᠡᠰ ᠵᠣᠷᠢᠭ ᠢ ᠢᠯᠡᠷᠡᠭᠦᠯᠪᠡ᠃ | | | | ᠣᠶᠢᠷ᠎ᠠ ᠶᠢᠨ ᠵᠢᠯ ᠳᠤ᠂ ᠬᠤᠶᠠᠷᠬᠤᠳᠳᠤᠭ ᠪᠠᠯᠭᠠᠰᠤ ᠰᠣᠶᠣᠯ ᠤᠨ ᠦᠢᠯᠡᠰ ᠢ ᠢᠳᠡᠪᠬᠢᠲᠡᠶ ᠬᠥᠭᠵᠢᠭᠦᠯᠵᠦ᠂ | ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ | ᠬᠡᠷᠡᠭᠴᠡᠭᠡ ᠶᠢ ᠬᠠᠩᠭᠠᠵᠤ ᠪᠠᠶᠢᠨ᠎ᠠ᠃ ᠬᠤᠶᠢᠰᠢᠳᠠ᠂ ᠬᠤᠶᠠᠷᠬᠤᠳᠳᠤᠭ ᠪᠠᠯᠭᠠᠰᠤ ᠦᠷᠭᠦᠯᠵᠢᠯᠡᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠲᠠᠲᠠᠬᠤ ᠬᠦᠴᠦᠨ᠂ ᠨᠢᠭᠲᠠᠷᠠᠯ ᠤᠨ ᠬᠦᠴᠦᠨ ᠢ ᠲᠠᠰᠤᠷᠠᠯᠲᠠ | ᠦᠭᠡᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ | ᠪᠠᠶᠢᠭᠤᠯᠤᠨ᠎ᠠ᠃ | | | | | | | |