| | ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠬᠠᠷᠢᠶᠠᠲᠤ ᠣᠷᠣᠨ ᠤ ᠠᠮᠤᠷ ᠲᠦᠪᠰᠢᠨ ᠲᠣᠭᠲᠠᠭᠤᠨ | ᠪᠠᠶᠢᠬᠤ ᠶᠢ ᠪᠠᠲᠤᠯᠠᠬᠤ ᠶᠢᠨ ᠬᠠᠮᠲᠤ ᠡᠯ᠎ᠡ ᠵᠦᠢᠯ ᠤᠨ ᠠᠵᠢᠯᠯᠠᠭ᠎ᠠ ᠶᠢᠨ ᠤᠷᠤᠭᠰᠢᠲᠠᠶ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠮᠦᠨᠡᠬᠢ ᠬᠤᠭᠤᠴᠠᠭᠠᠨ ᠳᠤ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ᠂ ᠥᠯᠵᠡᠶᠢᠲᠦ ᠡᠳᠦᠷ ᠤᠨ ᠤᠳᠬ᠎ᠠ ᠤᠷᠠᠯᠢᠭ ᠤᠨ ᠠᠵᠢᠯᠯᠠᠭ᠎ᠠ ᠶᠢᠨ ᠠᠮᠤᠷ ᠢ | ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠳᠠᠶᠢᠴᠢᠯᠠᠵᠤ᠂ ᠳᠠᠬᠢᠨ | ᠪᠠᠶᠢᠷᠢᠯᠠᠭᠤᠯᠪᠠ᠃ | ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠬᠠᠷᠢᠶ᠎ᠠ ᠣᠷᠣᠨ ᠤ | ᠡᠯ᠎ᠡ ᠨᠢᠭᠡᠴᠡ ᠶᠢᠨ ᠠᠷᠠᠳ ᠤᠨ ᠤᠷᠠᠨ ᠰᠠᠶᠢᠬᠠᠨ ᠤ ᠲᠣᠭᠯᠠᠯᠲᠠ ᠶᠢᠨ ᠴᠠᠭ᠂ ᠵᠠᠮ ᠤᠨ ᠬᠡᠰᠡᠭ᠂ ᠣᠷᠣᠨ | ᠪᠦᠰᠡ ᠶᠢᠨ ᠣᠨᠴᠠᠯᠢᠭ ᠢ ᠦᠨᠳᠦᠰᠦᠯᠡᠨ᠂ ᠠᠮᠤᠷ ᠲᠦᠪᠰᠢᠨ ᠢ ᠪᠠᠲᠤᠯᠠᠬᠤ ᠲᠥᠰᠦᠯ ᠢ ᠤᠷᠢᠳᠴᠢᠯᠠᠨ ᠲᠣᠭᠲᠠᠭᠠᠵᠤ | ᠂ ᠴᠠᠭᠳᠠᠭᠠᠨ ᠤ ᠬᠦᠴᠦᠨ ᠢ ᠳᠣᠭᠢᠷᠠᠭᠤᠯᠤᠨ ᠲᠣᠭᠯᠠᠯᠲᠠ ᠭᠠᠷᠭᠠᠬᠤ ᠭᠠᠵᠠᠷ ᠤᠨ ᠡᠷᠬᠢᠨ ᠲᠣᠭᠤᠷᠢᠨ ᠤ ᠵᠠᠮ ᠤᠨ | ᠬᠡᠰᠡᠭ᠂ ᠭᠤᠤᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠢ ᠬᠥᠲᠥᠯᠥᠨ ᠵᠢᠯᠣᠭᠤᠳᠬᠤ ᠶᠢ | ᠭᠤᠤᠯᠳᠠᠯᠭ᠎ᠠ ᠲᠠᠢ ᠴᠢᠩᠭᠠᠳᠬᠠᠵᠤ᠂ ᠤᠷᠤᠰᠬᠠᠯ ᠤᠨ ᠬᠥᠮᠦᠨ ᠵᠢᠴᠢ ᠲᠡᠷᠭᠡ ᠬᠥᠰᠬᠡ ᠶᠢ ᠡᠮᠬᠢ ᠵᠢᠷᠤᠮ ᠲᠠᠢ ᠪᠠᠷ | ᠨᠡᠪᠲᠡᠷᠡᠭᠦᠯᠬᠦ ᠬᠡᠷᠡᠭᠲᠡᠶ᠃ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠵᠠᠮ ᠤᠨ ᠬᠡᠰᠡᠭ ᠲᠤ᠂ | ᠲᠡᠷᠭᠡ ᠬᠥᠰᠬᠡ ᠶᠢ ᠴᠠᠭ ᠲᠤᠬᠠᠶ ᠳᠤᠨᠢ ᠲᠣᠭᠤᠷᠢᠨ ᠶᠠᠪᠤᠭᠤᠯᠬᠤ ᠶᠢ ᠬᠥᠲᠥᠯᠥᠨ ᠵᠢᠯᠣᠭᠤᠳᠴᠤ᠂ ᠣᠯᠠᠨ ᠲᠦᠮᠡᠨ ᠤ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠠᠮ ᠲᠦᠭᠵᠢᠷᠡᠬᠦ ᠠᠴᠠ ᠵᠠᠶᠢᠯᠠᠰᠬᠢᠵᠦ᠂ ᠡᠯ᠎ᠡ ᠭᠤᠤᠯ ᠵᠠᠮ ᠤᠨ | ᠬᠡᠰᠡᠭ ᠤᠨ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠶᠢ ᠦᠨᠡᠨᠬᠦ | ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠵᠢᠯᠯᠠᠭᠠᠨ ᠤ ᠣᠷᠣᠨ ᠤ ᠡᠷᠬᠢᠨ ᠲᠣᠭᠤᠷᠢᠨ ᠳᠤ ᠠᠮᠤᠷ ᠲᠦᠪᠰᠢᠨ ᠤ | ᠴᠡᠭᠴᠡᠯᠡᠨ ᠵᠠᠰᠠᠯᠲᠠ ᠶᠢ ᠥᠷᠨᠢᠭᠦᠯᠵᠦ᠂ ᠲᠡᠷᠭᠡ ᠬᠥᠰᠬᠡ ᠶᠢᠨ ᠲᠣᠭᠲᠠᠭᠠᠯ ᠠᠴᠠ ᠵᠥᠷᠢᠴᠡᠭᠰᠡᠨ᠂ ᠳᠤᠷ᠎ᠠ ᠪᠠᠷ ᠢᠶᠠᠨ | ᠵᠣᠭᠰᠣᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠲᠣᠭᠯᠠᠯᠲᠠ ᠶᠢᠨ ᠵᠠᠮ ᠤᠨ | ᠠᠮᠤᠷ ᠲᠦᠪᠰᠢᠨ ᠰᠠᠭᠠᠳ ᠥᠬᠡᠶ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠵᠢᠵᠢᠭᠦᠷᠯᠡᠵᠦ ᠪᠠᠶᠢᠭ᠎ᠠ ᠪᠥᠬᠦ ᠠᠷᠠᠳ ᠤᠨ ᠲᠤᠰᠠᠯᠠᠬᠤ ᠴᠠᠭᠳᠠᠭ᠎ᠠ ᠨᠠᠷ ᠦᠵᠡᠭᠦᠯᠦᠯᠭᠡ ᠶᠢᠨ ᠣᠯᠠᠨ | ᠲᠦᠮᠡᠨ ᠢ ᠬᠥᠲᠥᠯᠥᠨ ᠵᠢᠯᠣᠭᠤᠳᠬᠤ ᠠᠵᠢᠯ ᠢ ᠦᠨᠡᠨ ᠬᠦ ᠰᠠᠶᠢᠲᠤᠷ ᠬᠢᠵᠦ᠂ ᠰᠢᠬᠠᠯᠳᠤᠬᠤ᠂ ᠭᠢᠰᠬᠢᠯᠡᠬᠦ ᠵᠡᠷᠭᠡ | ᠠᠮᠤᠷ ᠲᠦᠪᠰᠢᠨ ᠤ ᠠᠳᠡᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠠᠷᠠᠳ | ᠲᠦᠮᠡᠨ ᠤ ᠡᠶ᠎ᠡ ᠵᠣᠬᠢᠴᠠᠩᠭᠤᠶ᠂ ᠪᠠᠶᠠᠷ ᠬᠥᠷ ᠲᠠᠢ᠂ ᠪᠣᠯᠪᠠᠰᠤᠨ᠂ ᠠᠮᠤᠷ ᠲᠦᠪᠰᠢᠨ ᠪᠠᠶᠠᠷ ᠤᠨ ᠡᠳᠦᠷ ᠤᠨ ᠠᠭᠤᠷ | ᠠᠮᠢᠰᠬᠤᠯ ᠳᠤᠮᠳᠠ ᠪᠠᠶᠠᠷ ᠬᠥᠷ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠪᠠ᠃ ᠵᠢᠵᠢᠭᠦᠷᠯᠡᠵᠦ | ᠪᠠᠶᠢᠭ᠎ᠠ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠬᠤᠪᠴᠠᠰᠤ ᠵᠠᠰᠠᠯ ᠨᠢ ᠳᠦᠷᠢᠮᠵᠢᠯ ᠲᠠᠢ᠂ ᠴᠠᠭᠳᠠᠭᠠᠨ ᠤ | ᠳᠦᠷᠢ ᠲᠥᠪ ᠴᠢᠩᠭ᠎ᠠ᠂ ᠪᠣᠯᠪᠠᠰᠤᠨ ᠢᠶᠠᠷ ᠵᠢᠵᠢᠭᠦᠷᠯᠡᠵᠦ᠂ ᠬᠠᠪᠤᠷ ᠤᠨ ᠬᠦᠢᠲᠡᠨ ᠠᠴᠠ ᠠᠶᠤᠬᠤ ᠦᠭᠡᠢ᠂ ᠦᠭᠡ | ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠭᠡᠷ ᠪᠦᠯᠢ ᠪᠠᠨ ᠦᠷᠡᠭᠳᠡᠭᠦᠯᠵᠦ᠂ ᠣᠯᠠᠨ ᠳᠤ ᠣᠷᠭᠢᠯᠤᠮ᠎ᠠ | ᠬᠠᠯᠠᠭᠤᠨ ᠠᠵᠢᠯ ᠤᠨ ᠬᠠᠯᠠᠭᠤᠨ ᠰᠡᠳᠬᠢᠯᠭᠡ᠂ ᠨᠠᠷᠢᠨ ᠬᠢᠨᠠᠮᠠᠭᠠᠢ ᠬᠠᠷᠢᠭᠤᠴᠠᠬᠤ ᠠᠵᠢᠯ ᠤᠨ ᠣᠪᠣᠷ ᠢᠶᠠᠷ | ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠪᠠ᠃ ᠲᠣᠰ ᠤᠳᠠᠭᠠᠨ ᠤ ᠠᠮᠤᠷ ᠢ ᠬᠠᠮᠠᠭᠠᠯᠠᠬᠤ ᠠᠵᠢᠯ ᠳᠤ | ᠨᠡᠶᠢᠲᠡ 260 ᠭᠠᠷᠤᠶ ᠴᠠᠭᠳᠠᠭ᠎ᠠ ᠬᠥᠳᠡᠯᠭᠡᠵᠦ᠂ ᠤᠷᠢᠳ ᠬᠤᠵᠢᠳ 6 ᠴᠠᠭ ᠭᠠᠷᠤᠶ ᠵᠠᠷᠤᠴᠠᠭᠤᠯᠤᠨ᠂ ᠵᠢᠤ | ᠶᠤᠸᠠᠨ ᠲᠣᠭᠤᠷᠢᠭ ᠤᠨ ᠱᠠ ᠾᠧ ᠵᠡᠭᠡᠯᠢ ᠳᠤ᠂ ᠪᠣᠯᠪᠠᠰᠤᠨ ᠵᠠᠮ ᠤᠨ ᠠᠮᠤᠷ ᠢ ᠬᠠᠮᠠᠭᠠᠯᠠᠬᠤ ᠠᠵᠢᠯ ᠢ ᠤᠷᠤᠭᠰᠢᠲᠠᠶ | ᠪᠡᠶᠡᠯᠡᠭᠦᠯᠵᠦ᠂ ᠥᠯᠵᠡᠶᠢᠲᠦ ᠡᠳᠦᠷ ᠤᠨ ᠪᠠᠶᠠᠷ ᠲᠤ ᠠᠮᠤᠷ ᠲᠠᠶᠢᠪᠤᠩ ᠥᠩᠭᠡ ᠪᠤᠳᠤᠭ ᠨᠡᠮᠡᠷᠢᠯᠡᠵᠡᠶ᠃ | | | | | | | | |