ᠲᠣᠣᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠶᠡᠬᠡᠪᠡᠷ ᠬᠥᠭᠵᠢᠭᠦᠯᠵᠦ᠂ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/12
    ᠮᠠᠨ ᠤ ᠣᠷᠣᠨ ᠳᠤ ᠣᠲᠣ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ 4 ᠪᠠᠶᠢᠵᠤ᠂ 2025 ᠣᠨ ᠤ 1 ᠰᠠᠷ᠎ᠠ ᠳᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 31.1581 ᠲᠦᠮᠡᠨ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 277% ᠪᠠᠷ ᠨᠡᠮᠡᠭᠳᠡᠨ᠂ ᠠᠷᠠᠯᠵᠢᠶᠠᠨ ᠤ ᠲᠤᠭ᠎ᠠ ᠶᠢ 2056.4626 ᠲᠦᠮᠡᠨ ᠲᠥᠭᠦᠷᠢᠭ ᠪᠡᠶᠡᠯᠡᠭᠦᠯᠪᠡ᠃ ᠮᠠᠨ ᠤ ᠲᠤᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠨ ᠪᠤᠵᠠᠭᠠᠶᠢᠷᠠᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠡᠷᠬᠢᠨ ᠲᠣᠭᠤᠷᠢᠨ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠲᠠᠨᠢᠯᠴᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠯᠬᠢᠯᠡᠵᠦ᠂ ᠬᠡᠪᠴᠢᠶ᠎ᠡ ᠶᠢ ᠥᠷᠭᠡᠳᠬᠡᠪᠡ᠃    ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠪᠤᠰᠤᠳ ᠭᠤᠤᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠲᠠᠢ ᠦᠷᠭᠦᠯᠵᠢᠯᠡᠨ ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠤᠨ ᠬᠡᠪᠴᠢᠶ᠎ᠡ ᠪᠠᠨ ᠥᠷᠭᠡᠳᠬᠡᠬᠦ ᠶᠢᠨ ᠬᠠᠮᠲᠤ᠂ ᠲᠣᠰ ᠭᠠᠵᠠᠷ ᠣᠷᠣᠨ ᠵᠢᠴᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ ᠮᠠᠨ ᠤ ᠲᠣᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ ᠲᠠᠨᠢᠯᠴᠠᠭᠤᠯᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠠᠵᠤ ᠠᠬᠤᠶᠢᠯᠠᠯ ᠳᠤ ᠨᠡᠪᠲᠡᠷᠡᠯᠴᠡᠬᠦ ᠬᠥᠭᠦᠷᠭᠡ ᠲᠠᠯᠪᠢᠵᠤ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号