ᠵᠢᠥ ᠶᠤᠸᠠᠨ ᠲᠣᠭᠤᠷᠢᠭ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠭᠰᠠᠨ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ
ᠨᠡᠶᠢᠲᠡᠯᠡᠭᠰᠡᠨ ᠴᠠᠭ᠄
2025/2/12
    ᠵᠢᠥ ᠶᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠳᠠᠲᠠᠢ ᠳᠤ ᠰᠠᠭᠤᠷᠢᠯᠠᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠤᠯᠢ ᠴᠠᠭᠠᠵᠠ ᠶᠢᠨ ᠪᠠᠶᠢᠭᠤᠯᠭ᠎ᠠ ᠲᠠᠢ ᠢᠳᠡᠪᠬᠢᠲᠡᠢ ᠬᠠᠮᠵᠢᠯᠴᠠᠵᠤ᠂ ᠬᠡᠷᠡᠭ ᠰᠢᠢᠳᠪᠦᠷᠢᠯᠡᠬᠦ ᠳᠡᠭᠡᠨ ᠪᠤᠰᠤᠳᠴᠢ᠂ ᠵᠥᠪ ᠣᠨᠣᠪᠴᠢᠲᠠᠢ ᠦᠨ᠎ᠡ ᠬᠠᠩᠰᠢ ᠶᠢᠨ ᠦᠨᠳᠦᠰᠦᠯᠡᠯ ᠢ ᠥᠨᠳᠥᠷ ᠪᠦᠲᠦᠮᠵᠢᠲᠡᠢ ᠪᠠᠷ ᠬᠠᠩᠭᠠᠵᠤ᠂ ᠴᠢᠩᠭ᠎ᠠ ᠨᠢᠮᠪᠠᠢ ᠵᠢᠷᠤᠮᠵᠢᠭᠰᠠᠨ᠂ ᠬᠠᠤᠯᠢ ᠶᠣᠰᠣᠨ ᠤ ᠵᠦᠢ ᠵᠣᠬᠢᠰᠲᠠᠢ ᠵᠠᠷᠴᠢᠮ ᠶᠣᠰᠣᠭᠠᠷ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠡᠷᠡᠴᠢᠯᠡᠯ ᠤᠨ ᠲᠥᠪ ᠤᠨ ᠲᠣᠭᠲᠠᠭᠠᠭᠰᠠᠨ ᠡᠯ᠎ᠡ ᠲᠦᠷᠦᠯ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠦᠷᠢᠮ ᠲᠣᠭᠲᠠᠭᠠᠯ ᠪᠣᠯᠤᠨ ᠰᠠᠬᠢᠯᠭ᠎ᠠ ᠪᠠᠲᠤ ᠲᠠᠢ ᠬᠤᠯᠪᠣᠭᠳᠠᠭᠰᠠᠨ ᠡᠳ᠋ ᠪᠣᠳᠠᠰ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠵᠠᠷᠴᠢᠮ᠂ ᠲᠡᠰ ᠳᠠᠷᠠᠭᠠᠯᠠᠯ᠂ ᠱᠠᠭᠠᠷᠳᠠᠯᠭ᠎ᠠ ᠶᠣᠰᠣᠭᠠᠷ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ ᠢᠮᠠᠭᠲᠠ ᠴᠢᠩᠭ᠎ᠠ ᠥᠷᠨᠢᠭᠦᠯᠵᠡᠢ᠃    2025 ᠣᠨ ᠤ 1 ᠰᠠᠷ᠎ᠠ ᠳᠤ ᠦᠨ᠎ᠡ ᠬᠠᠩᠰᠢ ᠶᠢ ᠮᠠᠭᠠᠳᠯᠠᠨ ᠲᠣᠭᠲᠠᠭᠠᠭᠰᠠᠨ ᠬᠡᠷᠡᠭ ᠢ ᠨᠡᠶᠢᠲᠡ 5 ᠬᠤᠪᠢ ᠰᠢᠢᠳᠪᠦᠷᠢᠯᠡᠵᠦ᠂ ᠮᠠᠭᠠᠳᠯᠠᠨ ᠲᠣᠭᠲᠠᠭᠠᠭᠰᠠᠨ ᠵᠣᠭᠤᠰ ᠤᠨ ᠲᠤᠭ᠎ᠠ ᠨᠢ 83275.9 ᠲᠥᠭᠦᠷᠢᠭ ᠲᠤ ᠬᠦᠷᠴᠦ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠳᠤ ᠠᠰᠢᠭᠲᠠᠶ ᠦᠨ᠎ᠡ ᠬᠠᠩᠰᠢ ᠶᠢᠨ ᠦᠨᠳᠦᠰᠦᠯᠡᠯ ᠬᠠᠩᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号