ᠨᠠᠰᠤᠲᠠᠨ ᠤ《ᠶᠠᠩᠭᠠᠷ》ᠬᠠᠪᠤᠷ ᠤᠨ ᠠᠶ᠎ᠠ᠂ ᠱᠠᠨ ᠶᠠᠩ ᠲᠣᠰᠬᠤᠨ ᠳᠤ《ᠠᠮᠢᠯᠠᠭᠤᠯᠬᠤ》ᠵᠠᠩ ᠦᠢᠯᠡ
ᠨᠡᠶᠢᠲᠡᠯᠡᠭᠰᠡᠨ ᠴᠠᠭ᠄
2025/2/13
       ᠬᠠᠯᠠᠭᠤᠨ ᠨᠡᠷᠡᠨ ᠳᠤ᠂  ᠬᠤᠷᠢᠨ ᠭᠡᠷ ᠪᠠᠯᠭᠠᠰᠤᠨ ᠤ ᠱᠠᠨ‌‍ᠶᠠᠩ ᠭᠧ ᠳ᠋ᠦ᠋ ᠲᠣᠰᠬᠤᠨ ᠳᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠶᠠᠩᠭᠠᠷ  ᠪᠦᠵᠢᠭᠯᠡᠬᠦ ᠬᠥᠳᠡᠯᠭᠡᠭᠡᠨ ᠬᠥᠭᠵᠢᠶᠡᠨᠲᠡᠢ ᠶᠠᠪᠤᠭᠳᠠᠵᠤ᠂ ᠲᠣᠰᠬᠤᠨ ᠤ ᠵᠢᠵᠢᠭ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃      ᠣᠶᠢᠯᠠᠭᠠᠭᠰᠠᠨ ᠢᠶᠠᠷ᠂ ᠡᠨᠡ ᠵᠢᠯ ᠪᠤᠯ ᠱᠠᠨ ᠶᠠᠩ  ᠭᠧ ᠳ᠋ᠦ᠋ ᠲᠤᠰᠬᠤᠨ‌‍ᠤ ᠡᠶᠢᠮᠦ ᠬᠦᠳᠡᠯᠭᠡᠭᠡᠨ ᠬᠢᠵᠦ ᠪᠠᠶᠢᠭ᠎ᠠ ᠬᠤᠶᠠᠳᠤᠭᠠᠷ ᠵᠢᠯ ᠨᠢ ᠪᠤᠯᠤᠨ᠎ᠠ᠂ ᠡᠨᠡ ᠤᠳᠠᠭᠠᠨ ᠤ ᠶᠠᠩᠭᠠᠷ ᠪᠥᠵᠢᠭᠯᠡᠬᠦ ᠬᠦᠳᠡᠯᠭᠡᠭᠡᠨ ᠳᠤ ᠴᠥᠮ ᠵᠢᠷᠠᠨ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠣᠷᠣᠯᠴᠠᠵᠤ ᠪᠠᠶᠢᠨ᠎ᠠ᠃ ᠲᠡᠳᠡᠨ ᠤ ᠨᠠᠰᠤ ᠨᠢ ᠥᠨᠳᠥᠷ ᠪᠣᠯᠪᠠᠴᠤ ᠶᠠᠩᠭᠠᠷ  ᠪᠦᠵᠢᠭᠯᠡᠬᠦ ᠶᠢᠨ ᠴᠤᠭ ᠵᠢᠪᠬᠤᠭ᠎ᠠ ᠨᠢ ᠵᠠᠯᠠᠭᠤ ᠬᠥᠮᠦᠨ ᠠᠴᠠ ᠵᠢᠭᠠᠬᠠᠨ ᠴᠤ ᠳᠤᠤᠷ᠎ᠠ ᠦᠭᠡᠢ᠃ ᠡᠳᠡᠭᠡᠷ ᠵᠢᠷᠠᠨ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠱᠠᠨ ᠶᠠᠩ ᠭᠧ ᠳ᠋ᠦ᠋ ᠲᠤᠰᠬᠤᠨ ᠤ ᠣᠨ ᠵᠢᠯ ᠤᠨ ᠭᠡᠷᠡᠴᠢᠯᠡᠭᠴᠢ ᠪᠣᠯᠬᠤ ᠪᠠᠷ ᠪᠠᠷᠠᠬᠤ ᠦᠭᠡᠢ᠂ ᠪᠠᠰᠠ ᠴᠤ ᠬᠥᠳᠡᠭᠡ ᠲᠣᠰᠬᠤᠨ ᠤ ᠰᠣᠶᠣᠯ ᠤᠨ ᠤᠯᠠᠮᠵᠢᠯᠠᠭᠴᠢ ᠪᠣᠯᠤᠨ᠎ᠠ᠃ ᠡᠨᠡ ᠤᠳᠠᠭᠠᠨ ᠤ ᠬᠥᠳᠡᠯᠭᠡᠭᠡᠨ ᠢ ᠪᠡᠯᠡᠳᠬᠡᠬᠦ ᠱᠠᠲᠤᠨ ᠳᠤ᠂ ᠨᠠᠰᠤᠲᠠᠶᠢᠴᠤᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠣᠯᠪᠠᠰᠤᠷᠠᠵᠤ᠂ ᠡᠳᠦᠷ ᠪᠦᠷᠢ ᠲᠣᠰᠬᠤᠨ ᠤ ᠬᠥᠳᠡᠯᠭᠡᠭᠡᠨ ᠤ ᠲᠠᠯᠠᠪᠠᠶ ᠳᠤ ᠡᠷᠲᠡᠬᠡᠨ ᠬᠦᠷᠴᠦ᠂ ᠬᠠᠮᠤᠭ ᠤᠨ ᠦᠨᠳᠦᠰᠦᠨ ᠬᠥᠳᠡᠯᠭᠡᠭᠡᠨ ᠠᠴᠠ ᠡᠬᠢᠯᠡᠨ ᠪᠣᠯᠪᠠᠰᠤᠷᠠᠵᠤ᠂ ᠬᠠᠷᠢᠯᠴᠠᠨ ᠵᠠᠯᠠᠷᠠᠭᠤᠯᠤᠨ᠂ ᠬᠠᠷᠢᠯᠴᠠᠨ ᠵᠣᠷᠢᠭᠵᠢᠭᠤᠯᠳᠠᠭ᠃ ᠬᠡᠳᠦ᠋ᠢᠪᠡᠷ ᠨᠠᠰᠤ ᠠᠬᠢᠭᠰᠠᠨ ᠪᠣᠯᠪᠠᠴᠤ᠂ ᠪᠡᠶ᠎ᠡ ᠮᠠᠬᠠᠪᠣᠳ ᠤᠨ ᠤᠶᠠᠨ ᠬᠠᠳᠠᠨ ᠴᠢᠨᠠᠷ ᠨᠢ ᠤᠤᠯ ᠤᠨ ᠬᠢ ᠪᠠᠨ ᠬᠦᠷᠬᠦ ᠦᠭᠡᠢ ᠪᠣᠯᠪᠠᠴᠤ᠂ ᠶᠠᠳᠠᠷᠠᠭᠰᠠᠨ ᠭᠡᠵᠤ ᠬᠡᠯᠡᠳᠡᠭ ᠬᠥᠮᠦᠨ ᠨᠢᠭᠡ ᠴᠤ ᠦᠭᠡᠢ᠃
1111.jpg
     ᠬᠠᠩᠭᠢᠨᠠᠮ᠎ᠠ ᠬᠠᠷᠠᠩᠭ᠎ᠠ ᠬᠡᠩᠭᠡᠷᠭᠡ ᠶᠢᠨ ᠳᠠᠭᠤᠨ ᠳᠤᠮᠳᠠ᠂ ᠨᠠᠰᠤᠲᠠᠳ ᠤᠨ ᠶᠠᠩᠭᠠᠷ ᠤᠨ ᠡᠩᠨᠡᠭᠡ ᠲᠠᠰᠤᠷᠠᠯᠲᠠ ᠦᠭᠡᠢ ᠶᠠᠩᠵᠤ ᠬᠡᠯᠪᠡᠷᠢ ᠪᠠᠨ ᠬᠤᠪᠢᠷᠠᠭᠤᠯᠵᠤ᠂ ᠵᠠᠷᠢᠮ ᠳᠠᠭᠠᠨ ᠡᠮᠬᠢ ᠴᠡᠭᠴᠡ ᠲᠠᠢ ᠨᠢᠭᠡ ᠡᠩᠨᠡᠭᠡ ᠪᠣᠯᠵᠤ ᠵᠢᠭᠰᠠᠵᠤ᠂ ᠯᠣᠣ ᠮᠡᠲᠦ ᠰᠦᠯᠵᠢᠯᠳᠦᠨ᠎ᠡ︔ ᠬᠠᠶᠠ ᠳᠤᠭᠤᠶᠢᠯᠠᠩ ᠬᠤᠪᠢᠶᠠᠵᠤ᠂ ᠬᠠᠷᠢᠯᠴᠠᠨ ᠬᠥᠳᠡᠯᠦᠯᠴᠡᠵᠦ᠂ ᠠᠯᠢᠶ᠎ᠠ ᠬᠥᠭᠡᠷᠦᠬᠦᠨ ᠬᠠᠷᠠᠭᠳᠠᠨ᠎ᠠ᠃ ᠨᠡᠷᠡᠨ ᠤ ᠭᠡᠷᠡᠯ ᠳᠤ ᠲᠡᠳᠡᠨ ᠤ ᠴᠢᠷᠠᠶ ᠳᠡᠭᠡᠷᠡᠬᠢ ᠢᠨᠢᠶᠡᠮᠰᠦᠭᠯᠡᠯ ᠨᠢ ᠨᠡᠷᠡᠨ ᠤ ᠭᠡᠷᠡᠯ ᠠᠴᠠ ᠪᠠᠰᠠ ᠭᠡᠷᠡᠯ ᠰᠠᠴᠤᠷᠠᠩᠭᠤᠶ ᠪᠠᠶᠢᠵᠤ᠂ ᠣᠨ ᠰᠠᠷ᠎ᠠ ᠨᠢ ᠲᠡᠳᠡᠨ ᠤ ᠪᠡᠶ᠎ᠡ ᠳᠡᠭᠡᠷ᠎ᠡ ᠬᠤᠪᠢᠷᠠᠯᠲᠠ ᠶᠡᠬᠡᠲᠡᠶ ᠵᠦᠢᠯ ᠪᠢᠰᠢ᠂ ᠬᠠᠷᠢᠨ ᠥᠩᠭᠡᠷᠡᠭᠰᠡᠨ ᠤ ᠳᠠᠷᠠᠭᠠᠬᠢ ᠠᠭᠤᠵᠢᠭᠤ ᠲᠠᠯᠪᠢᠭᠤ ᠪᠠᠶᠢᠳᠠᠯ ᠦᠯᠡᠳᠡᠵᠡᠶ᠃    ᠡᠨᠡ ᠤᠳᠠᠭᠠᠨ ᠤ ᠶᠠᠩᠭᠠᠷ ᠪᠥᠵᠢᠭᠯᠡᠬᠦ ᠬᠦᠳᠡᠯᠭᠡᠭᠡᠨ ᠨᠢ ᠨᠠᠰᠤᠲᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠱᠠᠨ ᠶᠠᠩ ᠭᠧ ᠳ᠋ᠦ᠋ ᠲᠣᠰᠬᠤᠨ ᠤ ᠰᠢᠨ᠎ᠡ ᠵᠢᠯ ᠤᠨ ᠦᠨᠦᠷ ᠢ ᠨᠠᠩ ᠥᠳᠬᠡᠨ ᠪᠣᠯᠭᠠᠵᠠᠶ᠃ ᠪᠦᠭᠦᠳᠡᠭᠡᠷ ᠢᠶᠠᠨ ᠨᠢᠭᠡ ᠳᠣᠣᠷ᠎ᠠ ᠴᠤᠭᠯᠠᠷᠠᠭᠠᠳ᠂ ᠡᠷᠡᠭᠦᠯ ᠴᠢᠭᠢᠷᠠᠭ᠂ ᠪᠠᠶᠠᠷ ᠪᠠᠶᠠᠰᠤᠯ ᠲᠠᠢ ᠪᠣᠯᠵᠤ᠂ ᠪᠠᠰᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠪᠣᠯᠪᠠ᠃ ᠢᠷᠡᠭᠡᠳᠦᠶ ᠶᠢᠨ ᠡᠳᠦᠷ ᠤᠳ ᠲᠤ᠂  ᠲᠣᠰᠬᠤᠨ ᠤ ᠨᠠᠰᠤᠲᠠᠶᠢᠴᠤᠳ ᠬᠠᠯᠠᠭᠤᠨ ᠰᠡᠳᠬᠢᠯᠭᠡ ᠪᠣᠯᠤᠨ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ ᠡᠨᠡᠬᠦ ᠵᠢᠵᠢᠭ ᠬᠥᠳᠡᠭᠡ ᠲᠣᠰᠬᠤᠨ ᠳᠤ ᠨᠠᠩ ᠣᠯᠠᠨ ᠪᠠᠶᠠᠷ ᠪᠠᠭ᠋ᠠᠳᠤᠯ ᠢ ᠠᠪᠴᠢᠷᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号