ᠵᠢᠥ ᠶᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠬᠦᠯᠦᠰᠦ ᠬᠤᠲᠠ ᠶᠢᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠢᠳᠡᠪᠬᠢᠲᠡᠢ ᠣᠯᠵᠤ ᠪᠠᠶᠢᠨ᠎ᠠ
ᠨᠡᠶᠢᠲᠡᠯᠡᠭᠰᠡᠨ ᠴᠠᠭ᠄
2025/2/13
    ᠮᠠᠨ ᠤ ᠲᠤᠭᠤᠷᠢᠭ ᠤᠨ ︽ᠭᠤᠷᠪᠠ ᠶᠢ ᠲᠡᠮᠡᠴᠡᠨ ᠤᠯᠬᠤ︾ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠬᠤ ᠶᠢᠨ ᠲᠥᠯᠥᠭᠡ᠂ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠦᠳᠲᠡᠷ ᠲᠦᠷᠭᠡᠨ ᠬᠥᠳᠡᠯᠦᠯᠴᠡᠵᠦ᠂ ᠲᠤᠭᠤᠷᠢᠭ ᠤᠨ ᠱᠠᠲᠤᠨ ᠤ ᠡᠳ᠋ ᠤᠨ ᠵᠠᠰᠠᠭ ᠤᠨ ᠳᠠᠷᠤᠭᠠᠰᠤ ᠶᠢ ᠬᠥᠩᠭᠡᠷᠡᠭᠦᠯᠬᠦ ᠪᠠᠷ ᠴᠢᠷᠮᠠᠶᠢᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠪᠠ᠃ ᠮᠠᠨ ᠤ ᠶᠠᠮᠤᠨ ᠨᠢᠳᠤᠨᠤᠨ ᠪᠠᠶᠢᠭᠤᠯᠤᠭᠳᠠᠭᠰᠠᠨ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠲᠠᠢ ᠣᠯᠠᠨ ᠤᠳᠠᠭ᠎ᠠ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠬᠢᠴᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠵᠢᠴᠢ ᠣᠨ ᠤ ᠴᠠᠯᠢᠩ ᠬᠥᠯᠥᠰᠥ ᠶᠢᠨ ᠲᠣᠬᠢᠷᠠᠭᠤᠯᠤᠯᠲᠠ ᠵᠡᠷᠭᠡ ᠠᠵᠢᠯ ᠢᠶᠠᠷ ᠠᠵᠠ ᠲᠣᠬᠢᠶᠠᠯ ᠪᠣᠯᠭᠠᠵᠤ᠂ ᠬᠤᠲᠠ ᠶᠢᠨ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠤᠯᠪᠠ᠃ ᠡᠨᠡ ᠵᠢᠯ 223 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠬᠤ ᠪᠠᠷ ᠠᠮᠵᠢᠯᠲᠠ ᠣᠯᠵᠤ᠂ ᠡᠭᠦᠨ ᠠᠴᠠ ᠡᠮᠦᠨ᠎ᠡ ᠣᠯᠠᠨ ᠵᠢᠯ ᠳᠤ 134 ᠲᠦᠮᠡᠨ ᠲᠥᠭᠦᠷᠢᠭ ᠤᠨ ᠳᠡᠭᠡᠳᠦ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠲᠠᠢ ᠬᠠᠷᠢᠴᠠᠭᠤᠯᠪᠠᠯ᠂ 89 ᠲᠦᠮᠡᠨ ᠲᠥᠭᠦᠷᠢᠭ ᠨᠡᠮᠡᠭᠳᠡᠪᠡ᠃ ᠡᠲᠡᠭᠡᠷ ᠪᠠᠯᠠ ᠮᠥᠩᠭᠦ ᠶᠢ ᠪᠦᠬᠦᠨ ᠢ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠬᠤ ᠵᠢᠴᠢ ᠨᠢᠭᠡᠴᠡ ᠶᠢᠨ ᠨᠡᠶᠢᠭᠡᠮ ᠤᠨ ᠪᠠᠲᠤᠯᠠᠭ᠎ᠠ ᠶᠢᠨ ᠲᠤᠰᠢᠶᠠᠬᠤ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠣᠨᠣᠪᠴᠢᠲᠠᠶ ᠣᠷᠣᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠲᠣᠭᠲᠠᠭᠤᠨ ᠪᠠᠶᠢᠯᠭᠠᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号