ᠬᠤᠪᠢᠶᠠᠯᠴᠡᠨ ᠰᠤᠯᠢᠯᠴᠡᠵᠤ ᠳᠡᠭᠡᠭᠰᠢᠯᠡᠯᠲᠡ ᠶᠢ ᠠᠬᠢᠭᠤᠯᠵᠤ ᠂  ᠬᠠᠷᠢᠯᠴᠠᠨ ᠰᠤᠷᠤᠯᠴᠠᠵᠤ ᠬᠠᠮᠲᠤ ᠪᠠᠷ ᠬᠥᠭᠵᠢᠵᠦ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠥᠭᠡᠷᠡᠴᠢᠯᠡᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2025/2/13
    2 ᠰᠠᠷ᠎ᠠ ᠶᠢᠨ 11  ᠤ ᠦᠳᠡ ᠶᠢᠨ ᠡᠮᠦᠨ᠎ᠡ᠂ ᠲᠦᠮᠡᠳ ᠪᠠᠷᠠᠭᠤᠨ ᠬᠤᠰᠢᠭᠤᠨ ᠤ ᠤᠯᠤᠰ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠦᠨ ᠢᠦᠶ ᠵᠢᠶᠧ ᠪᠦᠯᠬᠦᠮ ᠳᠠᠭᠠᠭᠤᠯᠤᠨ ᠵᠢᠤ ᠶᠤᠸᠠᠨ ᠲᠣᠭᠤᠷᠢᠭ ᠤᠨ ᠤᠯᠤᠰ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠤᠬᠠᠶ ᠰᠤᠷᠤᠯᠴᠠᠯᠭ᠎ᠠ ᠰᠣᠯᠢᠯᠴᠠᠭ᠎ᠠ ᠬᠢᠪᠠ᠃ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠫᠠᠩ ᠢᠤᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠥᠪ ᠤᠨ ᠳᠡᠳ᠋ ᠡᠷᠬᠢᠯᠡᠭᠴᠢ ᠶᠤᠸᠠᠨ ᠯᠤ᠋ ᠂ ᠵᠢᠤ ᠱᠧᠩ ᠪᠦᠯᠦᠭᠯᠡᠯ ᠤᠨ ᠢᠨᠵᠧᠨᠧᠷᠢᠩ ᠤᠨ ᠬᠡᠯᠲᠡᠰ ᠤᠨ ᠬᠠᠷᠢᠭᠤᠴᠠᠯᠭᠠᠲᠠᠨ ᠵᠡᠷᠭᠡ ᠬᠤᠯᠪᠣᠭᠳᠠᠯ ᠪᠦᠬᠦᠢ ᠬᠥᠮᠦᠰ ᠤᠷᠤᠯᠴᠠᠪᠠ᠃    ᠰᠤᠷᠤᠯᠴᠠᠵᠤ ᠰᠣᠯᠢᠯᠴᠠᠬᠤ ᠶᠠᠪᠤᠴᠠ ᠳᠤ᠂ ᠬᠤᠶᠠᠷ ᠲᠠᠯ᠎ᠠ ᠶᠢᠨ ᠦᠪᠡᠷ ᠤᠨ ᠬᠦᠷᠢᠶᠡᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠬᠥᠭᠵᠢᠯᠲᠡ ᠶᠢᠨ ᠣᠳᠣᠬᠢ ᠪᠠᠶᠢᠳᠠᠯ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠡᠷᠬᠡ ᠶᠢ ᠰᠢᠯᠵᠢᠭᠦᠯᠵᠦ ᠲᠦᠷᠦᠯ ᠵᠦᠢᠯ ᠤᠨ ᠲᠥᠰᠦᠯ ᠤᠨ ᠲᠥᠯᠥᠪᠵᠢᠭᠦᠯᠭᠡ᠂ ᠭᠡᠷ᠎ᠡ ᠲᠣᠭᠲᠠᠵᠤ ᠬᠡᠷᠡᠭᠵᠢᠭᠦᠯᠬᠦ᠂ ᠪᠣᠳᠠᠲᠠᠢ ᠬᠢᠬᠦ᠂ ᠠᠷᠠᠯᠵᠢᠶᠠᠯᠠᠬᠤ ᠲᠡᠰ ᠳᠠᠷᠠᠭᠠᠯᠠᠯ ᠵᠡᠷᠭᠡ ᠠᠭᠤᠯᠭ᠎ᠠ ᠶᠢᠨ ᠲᠤᠬᠠᠢ ᠭᠦᠨᠵᠡᠭᠡᠢ ᠰᠣᠯᠢᠯᠴᠠᠨ ᠶᠠᠷᠢᠯᠴᠠᠪᠠ᠃ ᠡᠭᠦᠨ ᠤ ᠬᠠᠮᠲᠤ ᠵᠢᠤ ᠱᠧᠩ ᠪᠦᠯᠦᠭᠯᠡᠯ ᠤᠨ ᠢᠨᠵᠧᠨᠧᠷᠢᠩ ᠤᠨ ᠬᠡᠯᠲᠡᠰ ᠤᠨ ᠬᠠᠷᠢᠭᠤᠴᠠᠯᠭᠠᠲᠠᠨ ᠮᠠᠨ ᠤ ᠣᠷᠣᠨ ᠤ《ᠣᠨᠴᠠ ᠵᠥᠪᠰᠢᠶᠡᠷᠡᠯ ᠲᠠᠢ ᠡᠵᠡᠩᠨᠡᠯᠲᠡ+ᠬᠤᠯᠪᠣᠭᠠᠯᠠᠨ ᠨᠡᠭᠡᠭᠡᠨ ᠬᠥᠭᠵᠢᠭᠦᠯᠬᠦ》ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠰᠢᠨ᠎ᠡ ᠵᠠᠭᠪᠤᠷ ᠤᠨ ᠲᠤᠬᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠰᠠᠭᠤᠷᠢ᠂ ᠢᠵᠢ ᠪᠥᠷᠢᠳᠦᠭᠦᠯᠦᠭᠰᠡᠨ ᠪᠡᠯᠡᠳᠬᠡᠮᠵᠢ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠥᠬᠦᠮ ᠲᠠᠨᠢᠯᠴᠠᠭᠤᠯᠭ᠎ᠠ ᠬᠢᠪᠠ᠃    ᠲᠣᠰ ᠤᠳᠠᠭᠠᠨ ᠤ ᠰᠣᠯᠢᠯᠴᠠᠨ ᠰᠤᠷᠤᠯᠴᠠᠭᠰᠠᠨ ᠢᠶᠠᠷ  ᠪᠢᠳᠠᠨ‌‍ᠤ ᠬᠤᠶᠢᠰᠢᠳᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠡᠯ ᠤᠨ ᠥᠭᠡᠷᠡᠴᠢᠯᠡᠯᠲᠡ ᠶᠢᠨ ᠠᠵᠢᠯ ᠤᠨ ᠳᠤᠮᠳᠠ ᠦᠵᠡᠯ ᠰᠠᠨᠠᠭ᠎ᠠ ᠪᠠᠨ ᠴᠢᠯᠥᠭᠡᠯᠡᠵᠦ᠂ ᠰᠡᠳᠬᠢᠴᠡ ᠪᠠᠨ ᠥᠷᠭᠡᠳᠬᠡᠨ᠂ ᠬᠠᠷᠠᠭ᠎ᠠ ᠪᠠᠨ ᠥᠷᠭᠡᠳᠬᠡᠵᠦ᠂ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠠᠶ᠃ ᠮᠠᠨ ᠤ ᠲᠣᠪᠴᠢᠶ᠎ᠠ ᠲᠣᠰ ᠤᠳᠠᠭᠠᠨ ᠤ ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠬᠠᠮᠲᠤ ᠪᠠᠷ ᠰᠤᠷᠤᠯᠴᠠᠵᠤ᠂ ᠲᠡᠷᠢᠭᠦᠨ ᠤ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠪᠠᠷ ᠪᠠᠷᠢᠮᠵᠢᠶᠠᠯᠠᠨ᠂ ᠮᠠᠨ ᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠡᠯ ᠤᠨ ᠥᠭᠡᠷᠡᠴᠢᠯᠡᠯᠲᠡ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠳᠤ ᠰᠢᠨ᠎ᠡ ᠰᠢᠪᠲᠤᠯᠤᠯᠲᠠ ᠲᠠᠢ ᠪᠣᠯᠵᠣ᠂ ᠰᠢᠨ᠎ᠡ ᠳᠡᠭᠲᠡᠷ ᠲᠤ ᠭᠠᠷᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号