ᠵᠢᠥ ᠶᠤᠸᠠᠨ ᠲᠣᠭᠤᠷᠢᠭ ᠪᠥᠬᠦ ᠬᠤᠲᠠ ᠶᠢᠨ ᠠᠩᠬᠠᠨ ᠤ ᠲᠠᠯᠠᠪᠤᠷ ᠰᠤᠳᠤᠯᠤᠨ ᠨᠡᠭᠡᠭᠡᠬᠦ ᠶᠢ ᠴᠤᠭᠯᠠᠭᠤᠯᠤᠨ ᠵᠢᠯᠣᠭᠤᠳᠬᠤ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/2/13
    2 ᠰᠠᠷ᠎ᠠ ᠶᠢᠨ 11 ᠤ ᠡᠳᠦᠷ᠂ ᠵᠢᠥ ᠶᠤᠸᠠᠨ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠤᠪᠴᠢᠶ᠎ᠠ ᠪᠦᠬᠦ ᠬᠤᠳᠠ ᠶᠢᠨ ᠠᠩᠬᠠᠳᠠᠭᠴᠢ ︽2025 ᠣᠨ ᠤ ᠰᠤᠳᠤᠯᠤᠨ ᠨᠡᠭᠡᠭᠡᠬᠦ ᠶᠢ ᠴᠤᠭᠯᠠᠭᠤᠯᠬᠤ ᠪᠣᠯᠪᠠᠰᠤᠷᠠᠭᠤᠯᠤᠯ ᠤᠨ ᠬᠤᠷᠠᠯ︾ ᠢ ᠡᠷᠬᠢᠯᠡᠵᠦ᠂ ᠬᠤᠸᠠ ᠳ᠋ᠢᠶᠠᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠠ ᠴᠢᠤᠸᠠᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠵᠡᠷᠭᠡ 52 ᠭᠤᠣᠯᠳᠠᠯᠭ᠎ᠠ ᠲᠠᠢ ᠠᠵᠤ ᠠᠬᠤᠶᠢᠯᠠᠯ ᠤᠨ 78 ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠪᠠ᠃
11.jpg
    ᠲᠣᠰ ᠤᠳᠠᠭᠠᠨ ᠤ ᠪᠣᠯᠪᠠᠰᠤᠷᠠᠭᠤᠯᠤᠯ ᠨᠢᠭᠡ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠲᠠᠶᠢᠯᠪᠤᠷᠢᠯᠠᠵᠤ᠂ ᠴᠤᠭᠯᠠᠭᠤᠯᠬᠤ ᠬᠡᠪᠴᠢᠶ᠎ᠡ ᠶᠢ ᠣᠨᠣᠪᠴᠢᠲᠠᠶ ᠵᠠᠭᠠᠭᠯᠠᠨ ᠲᠣᠭᠲᠠᠭᠠᠵᠤ᠂ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠲᠤᠭ᠎ᠠ ᠪᠠᠷᠢᠮᠲᠠ ᠶᠢ ᠵᠢᠷᠤᠮᠵᠢᠭᠤᠯᠤᠨ ᠲᠠᠭᠯᠠᠪᠠ︔ ᠬᠤᠶᠠᠷ ᠲᠤ᠂ ᠥᠩᠭᠡᠷᠡᠭᠰᠡᠨ ᠵᠢᠯ ᠤᠳ ᠤᠨ ᠬᠡᠷᠡᠭ ᠤᠨ ᠵᠢᠱᠢᠶ᠎ᠡ ᠶᠢ ᠵᠠᠳᠠᠯᠵᠤ᠂ ᠦᠢᠯᠡᠳᠦᠯᠭᠡ ᠶᠢᠨ ᠲᠤᠷᠰᠢᠯᠭ᠎ᠠ ᠶᠢ ᠬᠤᠷᠢᠶᠠᠩᠭᠤᠶᠢᠯᠠᠨ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠵᠢᠯᠣᠭᠤᠳᠤᠨ ᠲᠥᠷᠥ ᠶᠢᠨ ᠪᠣᠳᠣᠯᠭ᠎ᠠ ᠶᠢᠨ ᠴᠢᠭᠯᠡᠯ ᠢ ᠣᠨᠣᠪᠴᠢᠲᠠᠶ ᠡᠵᠡᠮᠰᠢᠭᠦᠯᠪᠡ︔ ᠭᠤᠷᠪᠠ ᠳᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠴᠢᠩᠭᠠᠷᠠᠭᠤᠯᠤᠨ᠂ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠤᠪᠴᠢᠶ᠎ᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠬᠤ ᠵᠢᠯᠤᠭᠤᠳᠤᠯᠭ᠎ᠠ ᠪᠣᠯᠤᠨ ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号