ᠨᠢᠭᠡ ᠳᠤ᠂ ︽ᠤᠰᠤ ᠠᠷᠪᠢᠯᠠᠬᠤ︾ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ ᠬᠠᠳᠠᠭᠠᠯᠠᠬᠤ ᠬᠥᠭᠡᠷᠭᠡ ᠶᠢᠨ ᠦᠷᠳᠡᠭᠡ᠂ ᠬᠠᠲᠤᠨ ᠭᠤᠣᠯ ᠤᠨ | ᠤᠰᠤ ᠶᠢ ᠲᠠᠲᠠᠨ ᠠᠷᠢᠯᠭᠠᠵᠤ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ | ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠥᠨᠳᠥᠷ | ᠪᠠᠷᠢᠮᠵᠢᠶᠠᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 20 ᠪᠠᠶᠢᠭᠤᠯᠤᠨ᠎ᠠ︔ ᠰᠤᠪᠠᠭ ᠢ | ᠳᠤᠲᠤᠷᠯᠠᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ ᠪᠠᠷ | ᠪᠠᠶᠢᠭᠤᠯᠬᠤ ᠲᠠᠯᠠᠪᠠᠢ ᠶᠢ 37 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠪᠣᠷᠣᠲᠣᠬᠤᠶ᠂ ᠳ᠋ᠧᠩᠺᠸᠦ ᠵᠡᠷᠭᠡ | ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠲᠠᠯᠠᠪᠠᠢ ᠶᠢ ᠰᠠᠶᠢᠵᠢᠷᠠᠭᠤᠯᠬᠤ ᠪᠠᠷ 30 ᠲᠦᠮᠡᠨ ᠮᠦ ᠠᠴᠠ | ᠳᠡᠭᠡᠭᠰᠢ ᠪᠠᠶᠢᠯᠭᠠᠨ᠎ᠠ᠃ ᠬᠤᠶᠠᠷ ᠲᠤ᠂ ᠤᠰᠤ ᠠᠷᠪᠢᠯᠠᠬᠤ ᠲᠥᠬᠦᠭᠡᠷᠦᠮᠵᠢ ᠶᠢ ᠳᠡᠭᠡᠭᠰᠢᠯᠡᠭᠦᠯᠵᠦ᠂ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠬᠤᠭᠤᠯᠠᠶ ᠭᠤᠤᠷᠰᠤ ᠪᠠᠷ ᠤᠰᠤᠯᠠᠬᠤ ᠵᠡᠷᠭᠡ ᠶᠢ | ᠭᠤᠤᠯᠳᠠᠯᠭ᠎ᠠ ᠲᠠᠢ ᠪᠠᠷ ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠨ᠎ᠠ᠂ ᠬᠤᠭᠤᠯᠠᠶ | ᠭᠤᠤᠷᠰᠤ ᠪᠠᠷ ᠤᠰᠤᠯᠠᠬᠤ ᠶᠢ ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠬᠤ ᠵᠡᠷᠭᠡ | ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ 150 ᠲᠦᠮᠡᠨ ᠮᠥ ᠬᠡᠷᠡᠭᠵᠢᠭᠦᠯᠵᠦ᠂ ᠥᠨᠳᠥᠷ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 27 ᠲᠦᠮᠡᠨ ᠮᠥ ᠠᠴᠠ ᠳᠡᠭᠡᠭᠰᠢ ᠪᠥᠲᠥᠭᠡᠨ ᠪᠠᠶᠢᠭᠤᠯᠤᠨ᠎ᠠ᠃ | ᠭᠤᠷᠪᠠ ᠳᠤ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠣᠶᠤᠨᠴᠢ ᠨᠠᠷᠢᠯᠢᠭ | ᠣᠨᠣᠴᠠᠲᠠᠶ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠎ᠡ᠂ ᠤᠰᠤ ᠪᠣᠷᠳᠣᠭᠤᠷ ᠢ ᠨᠢᠭᠡ | ᠴᠤᠭᠴᠠᠵᠢᠭᠤᠯᠬᠤ ᠮᠡᠷᠭᠡᠵᠢᠯ ᠢ 271 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠥᠷᠨᠢᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠢ ᠠᠬᠢᠭᠤᠯᠬᠤ ᠰᠢᠶᠠᠨ ᠢ 20 | ᠪᠠᠶᠢᠭᠤᠯᠤᠨ᠎ᠠ︔ ᠭᠠᠩ ᠬᠠᠭᠰᠠᠷᠠᠭᠠᠨ ᠢ ᠳᠠᠭᠠᠭᠠᠬᠤ ᠰᠦᠷᠬᠦ ᠶᠢ ᠳᠠᠭᠠᠭᠠᠬᠤ ᠰᠢᠨ᠎ᠡ ᠡᠭᠦᠯᠳᠡᠷ ᠪᠣᠯᠤᠨ ᠢᠵᠢ | ᠪᠦᠷᠢᠳᠦᠭᠦᠯᠦᠭᠰᠡᠨ ᠭᠠᠩ ᠬᠠᠭᠰᠠᠷᠠᠭᠠᠨ ᠢ ᠳᠠᠭᠠᠭᠠᠬᠤ ᠮᠡᠷᠭᠡᠵᠢᠯ ᠢ 93.5 ᠲᠦᠮᠡᠨ ᠮᠦ ᠳᠡᠯᠭᠡᠷᠡᠭᠦᠯᠦᠨ᠎ᠡ᠃ ︵ | ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ︶ | |