ᠯᠢᠦ ᠵᠢᠶᠦ᠋ᠨ ᠢ ᠰᠠᠶᠢᠬᠠᠨ ᠵᠡᠭᠡᠯᠢ ᠭᠤᠳᠤᠮᠵᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/19
    ᠵᠢᠯ ᠤᠨ ᠠᠵᠢᠯ ᠬᠠᠪᠤᠷ ᠲᠤ ᠪᠤᠢ᠂ ᠡᠬᠢᠯᠡᠯᠲᠡ ᠶᠢᠨ  ᠦᠭᠡ ᠶᠢᠨ  ᠦᠶ᠎ᠡ ᠳᠤ ᠴᠤᠭ ᠵᠢᠪᠬᠤᠭ᠎ᠠ ᠪᠠᠳᠠᠷᠠᠨ᠎ᠠ᠃    2 ᠰᠠᠷ᠎ᠠ ᠶᠢᠨ 17  ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠰᠠᠶᠢᠬᠠᠨ ᠵᠡᠭᠡᠯᠢ ᠭᠤᠳᠤᠮᠵᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠰᠠᠶᠢᠬᠠᠨ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠵᠡᠭᠡᠯᠢ ᠭᠤᠳᠤᠮᠵᠢ ᠶᠢᠨ 2025 ᠣᠨ ᠤ ᠠᠵᠢᠯ ᠤᠨ ᠲᠥᠯᠥᠪᠯᠡᠭᠡ ᠵᠢᠴᠢ《ᠲᠠᠶᠢᠯᠬᠤ ᠰᠡᠳᠬᠢᠬᠦᠶ ᠲᠠᠢ ᠪᠠᠶᠢᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠵᠢᠯ ᠤᠨ ᠪᠦᠲᠦᠮᠵᠢ ᠶᠢ ᠴᠢᠷᠮᠠᠶᠢᠨ ᠡᠭᠦᠳᠬᠦ》ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠲᠣᠭᠤᠷᠢᠭ ᠤᠨ ᠤᠳᠤᠷᠢᠳᠤᠯᠭ᠎ᠠ  ᠶᠠᠷᠢᠶ᠎ᠠ ᠲᠠᠯᠪᠢᠪᠠ᠃    ᠯᠢᠦ ᠵᠢᠶᠦ᠋ᠨ ᠢ ᠵᠢᠭᠠᠵᠤ ᠭᠠᠷᠭᠠᠭᠰᠠᠨ ᠨᠢ᠂ ᠰᠠᠶᠢᠬᠠᠨ ᠵᠡᠭᠡᠯᠢ ᠶᠢᠨ ᠪᠥᠬᠦ ᠺᠠᠳ᠋ᠷᠴᠤᠳ ᠤᠨ ᠠᠵᠢᠯ ᠤᠨ ᠪᠠᠶᠢᠳᠠᠯ ᠱᠠᠭᠠᠷᠳᠠᠯᠭ᠎ᠠ ᠠᠴᠠ ᠮᠥᠨ ᠬᠦ ᠵᠥᠷᠢᠶ᠎ᠡ ᠲᠠᠢ ᠪᠠᠶᠢᠵᠤ᠂ ᠠᠵᠢᠯ ᠤᠨ ᠢᠳᠡᠪᠬᠢᠵᠢᠯ ᠢᠶᠠᠨ ᠮᠥᠨ ᠬᠦ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠲᠤᠰᠬᠠᠶ ᠰᠡᠳᠦᠪᠲᠦ ᠠᠵᠢᠯᠯᠠᠭ᠎ᠠ ᠶᠢᠨ ᠰᠤᠷᠤᠯᠴᠠᠯᠭ᠎ᠠ ᠭᠦᠨᠵᠡᠭᠡᠶ ᠪᠢᠰᠢ ᠪᠠᠶᠢᠨ᠎ᠠ᠃ ᠵᠡᠭᠡᠯᠢ ᠭᠤᠳᠤᠮᠵᠢ ᠶᠢᠨ ᠪᠥᠬᠦ ᠺᠠᠳ᠋ᠷ ᠦᠵᠡᠯ ᠰᠠᠨᠠᠭ᠎ᠠ ᠪᠠᠨ ᠦᠨᠡᠨ ᠬᠦ ᠬᠤᠪᠢᠷᠠᠭᠤᠯᠵᠤ᠂ ᠠᠵᠢᠯ ᠤᠨ ᠪᠠᠶᠢᠳᠠᠯ ᠢᠶᠠᠨ ᠲᠣᠬᠢᠷᠠᠭᠤᠯᠤᠨ᠂《ᠪᠣᠳᠠᠲᠠᠶ》 ᠪᠠᠷ ᠭᠤᠤᠯ ᠪᠣᠯᠭᠠᠬᠤ ᠶᠢ ᠪᠠᠷᠢᠮᠲᠠᠯᠠᠵᠤ᠂《ᠲᠡᠮᠡᠴᠡᠯ ᠢ ᠪᠣᠶ ᠪᠣᠯᠭᠠᠬᠤ》ᠲᠤᠰᠬᠠᠶ ᠰᠡᠳᠦᠪᠲᠦ ᠠᠵᠢᠯᠯᠠᠭ᠎ᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠷᠭᠢᠴᠡᠭᠦᠯᠵᠦ᠂ ᠰᠢᠰᠲ᠋ᠧᠮ ᠲᠠᠢ ᠪᠠᠷ ᠦᠷ᠎ᠡ ᠪᠦᠲᠦᠮᠵᠢ ᠶᠢ ᠪᠦᠷᠢᠳᠬᠡᠨ᠂《ᠳᠠᠬᠢᠨ ᠠᠵᠢᠯᠯᠠᠵᠤ ᠬᠢᠴᠢᠶᠡᠯ ᠨᠥᠬᠦᠬᠦ》᠂《ᠳᠠᠬᠢᠨ ᠱᠤᠭᠤᠵᠤ》᠂ ᠡᠯ᠎ᠡ ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠣᠳᠠᠲᠠᠶ ᠨᠠᠶᠢᠲᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠠᠮᠤᠭ ᠤᠨ ᠰᠢᠯᠢᠳᠡᠭ ᠪᠠᠶᠢᠳᠠᠯ ᠬᠠᠮᠤᠭ ᠤᠨ ᠪᠣᠳᠠᠲᠠᠶ ᠠᠵᠢᠯᠯᠠᠭ᠎ᠠ ᠪᠠᠷ ᠢᠶᠠᠨ ᠤᠯᠠᠮ ᠶᠡᠭᠡ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠯᠢᠦ ᠵᠢᠶᠦ᠋ᠨ ᠢ ᠴᠢᠬᠤᠯᠠᠴᠢᠯᠠᠭᠰᠠᠨ ᠨᠢ᠂ ᠡᠬᠢᠯᠡᠯᠲᠡ ᠨᠢ ᠲᠦᠷᠭᠡᠨ᠂ ᠡᠬᠢᠯᠡᠯᠲᠡ ᠨᠢ ᠳᠠᠷᠤᠶ ᠰᠢᠢᠳᠪᠦᠷᠢᠲᠦ ᠪᠠᠶᠢᠯᠳᠤᠭᠠᠨ ᠪᠣᠯᠤᠨ᠎ᠠ᠃ ᠪᠥᠬᠦ ᠲᠤᠭᠤᠷᠢᠭ ᠳᠠᠶᠠᠭᠠᠷ ᠡᠯ᠎ᠡ ᠵᠦᠢᠯ ᠤᠨ ᠠᠵᠢᠯ ᠢᠶᠠᠨ ᠱᠠᠯᠠᠪᠳᠠᠨ ᠡᠬᠢᠯᠡᠭᠦᠯᠵᠦ᠂《ᠰᠢᠨᠡᠯᠡᠬᠦ ᠵᠠᠭᠪᠤᠷ》 ᠠᠴᠠ《ᠠᠵᠢᠯ ᠤᠨ ᠵᠠᠭᠪᠤᠷ》 ᠲᠤ ᠦᠳᠲᠡᠷ ᠲᠦᠷᠭᠡᠨ ᠲᠣᠬᠢᠷᠠᠭᠤᠯᠤᠯᠲᠠ ᠬᠢᠵᠦ᠂ ᠬᠢᠷᠢ ᠳᠦᠭᠦᠷᠡᠩ ᠪᠠᠶᠢᠳᠠᠯ ᠢᠶᠠᠷ ᠡᠳᠦᠷ ᠪᠦᠷᠢ ᠰᠠᠶᠢᠲᠤᠷ ᠬᠢᠵᠦ᠂ ᠨᠢᠭᠡ ᠵᠢᠯ ᠰᠠᠶᠢᠲᠤᠷ ᠬᠢᠵᠦ᠂ ᠣᠷᠣᠨ ᠪᠦᠰᠡ ᠶᠢᠨ ᠬᠡᠷᠡᠯ ᠭᠢᠯᠪᠠᠭ᠎ᠠ ᠪᠠᠷ ᠪᠥᠬᠦ ᠲᠠᠯ᠎ᠠ ᠳᠤ ᠬᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠶ᠃ ᠪᠤᠭᠤᠲᠤ ᠬᠤᠲᠠ ᠶᠢᠨ ᠠᠩᠬᠠᠳᠤᠭᠠᠷ ᠬᠤᠷᠠᠯ ᠵᠢᠴᠢ ᠪᠥᠬᠦ ᠲᠤᠭᠤᠷᠢᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠲᠣᠳᠣᠷᠬᠠᠶᠢᠯᠠᠭᠰᠠᠨ ᠴᠢᠭᠯᠡᠯ ᠤᠨ ᠲᠣᠭᠤᠷᠢᠨ ᠳᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠷᠦᠭᠦᠦ ᠤᠯᠠᠷᠢᠯ ᠤᠨ《 ᠰᠠᠶᠢᠨ ᠡᠬᠢᠯᠡᠯᠲᠡ》 ᠶᠢ ᠪᠡᠶᠡᠯᠡᠭᠦᠯᠬᠦ ᠶᠢ ᠪᠠᠲᠤᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃《ᠲᠡᠮᠡᠴᠡᠬᠦ ᠶᠢ ᠳᠡᠭᠡᠭᠰᠢᠯᠡᠭᠦᠯᠬᠦ》ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠡᠯ᠎ᠡ ᠵᠦᠢᠯ ᠤᠨ ᠠᠵᠢᠯ ᠤᠨ ᠦᠢᠯᠡᠳᠤᠯᠭᠡ ᠶᠢᠨ ᠠᠴᠢᠶᠠᠯᠠᠪᠤᠷᠢ ᠪᠠ ᠪᠦᠲᠦᠮᠵᠢᠲᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂《ᠲᠠᠶᠢᠯᠬᠤ ᠰᠡᠳᠬᠢᠬᠦᠶ ᠲᠠᠢ ᠪᠠᠶᠢᠬᠤ》 ᠶᠢ ᠤᠯᠠᠮ ᠨᠢᠭᠡ ᠠᠯᠬᠤᠮ ᠴᠢᠩᠭᠠᠳᠬᠠᠵᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ᠂ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠬᠤ᠂ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠳᠥᠷᠪᠡᠨ ᠵᠦᠢᠯ ᠤᠨ ᠠᠴᠢᠶᠠᠯᠠᠪᠤᠷᠢ ᠶᠢ ᠭᠦᠨᠵᠡᠭᠡᠶᠢᠷᠡᠭᠦᠯᠦᠨ ᠬᠡᠷᠡᠭᠯᠡᠵᠦ᠂ ᠥᠭᠡᠷᠡᠴᠢᠯᠡᠯᠲᠡ ᠶᠢᠨ ᠰᠡᠳᠬᠢᠬᠦᠶ ᠪᠠᠷ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠣᠶᠤᠨ ᠰᠠᠨᠠᠭ᠎ᠠ ᠪᠠᠨ ᠳᠡᠭᠡᠭᠰᠢᠯᠡᠭᠦᠯᠬᠦ᠂  ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠪᠠᠷ ᠡᠬᠢᠯᠡᠯᠲᠡ ᠪᠣᠯᠭᠠᠵᠤ᠂ ᠪᠥᠬᠦ ᠲᠠᠯ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠶ᠃    ᠲᠤᠭᠤᠷᠢᠭ ᠤᠨ ᠤᠳᠤᠷᠢᠳᠤᠯᠭ᠎ᠠ ᠯᠢᠦ  ᠶᠧ᠂ ᠬᠠᠨ ᠮᠢᠩ ᠺᠠᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠰᠠᠶᠢᠬᠠᠨ ᠵᠡᠭᠡᠯᠢ ᠭᠤᠳᠤᠮᠵᠢ ᠶᠢᠨ ᠪᠠᠭ ᠤᠨ ᠪᠦᠷᠢᠯᠳᠦᠬᠦᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号