ᠵᠢᠤ ᠶᠤᠸᠠᠨ ᠲᠣᠭᠤᠷᠢᠭ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠨᠢ ᠮᠣᠳᠣ ᠲᠠᠢ ᠬᠤᠯᠪᠣᠭᠳᠠᠬᠤ ᠠᠵᠤ  ᠠᠬᠤᠶᠢᠯᠠᠯ ( ᠬᠤᠪᠢ ᠬᠥᠮᠦᠨ ) ᠤᠨ ᠮᠤᠳᠤᠨ ᠮᠠᠲ᠋ᠧᠷᠢᠶᠠᠯ  ᠤᠨ  ᠪᠦᠲᠦᠭᠡᠭᠳᠠᠬᠦᠨ  ᠤ ᠬᠢᠵᠢᠭ ᠢ ᠪᠠᠶᠢᠴᠠᠭᠠᠬᠤ ᠠᠵᠢᠯ ᠢ ᠬᠢᠨᠠᠮᠠᠭᠠᠶ ᠦᠷᠨᠢᠭᠦᠯᠪᠡ
ᠨᠡᠶᠢᠲᠡᠯᠡᠭᠰᠡᠨ ᠴᠠᠭ᠄
2025/2/19
11.jpg
          ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠶᠢᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠨ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠬᠠᠯᠳᠠᠪᠤᠷᠢᠯᠠᠬᠤ ᠶᠢ ᠰᠡᠷᠭᠡᠶᠢᠯᠡᠵᠦ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠳᠡᠯᠭᠡᠷᠡᠬᠦ ᠶᠢ ᠡᠬᠢ ᠡᠭᠦᠰᠦᠯ ᠠᠴᠠ ᠨᠢ ᠬᠢᠵᠠᠭᠠᠷᠯᠠᠬᠤ ᠶᠢᠨ ᠲᠤᠰᠠᠳᠠ᠂ ᠣᠶᠢᠷ᠎ᠠ ᠳᠤ ᠵᠢᠦ ᠶᠤᠸᠠᠨ ᠲᠣᠭᠤᠷᠢᠭ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠮᠣᠳᠣ ᠲᠠᠢ ᠬᠤᠯᠪᠣᠭᠳᠠᠬᠤ ᠠᠵᠤ  ᠠᠬᠤᠶᠢᠯᠠᠯ  (ᠬᠤᠪᠢ ᠬᠥᠮᠦᠨ)  ᠤᠨ ᠭᠠᠷᠤᠯᠲᠠ ᠶᠢᠨ ᠭᠠᠵᠠᠷ ᠤᠨ ᠬᠢᠵᠢᠭ ᠪᠠᠶᠢᠴᠠᠭᠠᠬᠤ ᠪᠠ ᠰᠢᠯᠵᠢᠭᠦᠯᠦᠨ ᠲᠡᠭᠡᠭᠡᠪᠦᠷᠢᠯᠡᠬᠦ ᠬᠢᠵᠢᠭ ᠢ ᠪᠠᠶᠢᠴᠠᠭᠠᠬᠤ ᠠᠵᠢᠯ ᠢ ᠬᠢᠨᠠᠮᠠᠭᠠᠶ ᠥᠷᠨᠢᠭᠦᠯᠪᠡ᠃    ᠮᠡᠷᠭᠡᠵᠢᠯ ᠤᠨ ᠠᠵᠢᠯᠲᠠᠳ ᠮᠣᠳᠣ ᠲᠠᠢ ᠬᠤᠯᠪᠣᠭᠳᠠᠭᠰᠠᠨ ᠠᠵᠤ ᠠᠬᠤᠶᠢᠯᠠᠯ (ᠬᠤᠪᠢ ᠬᠥᠮᠦᠨ) ᠤᠨ ᠮᠣᠳᠣᠨ ᠮᠠᠲ᠋ᠧᠷᠢᠶᠠᠯ ᠵᠢᠴᠢ ᠲᠡᠭᠦᠨ ᠤ ᠪᠦᠲᠦᠭᠡᠭᠳᠡᠬᠦᠨ ᠢ ᠬᠠᠳᠠᠭᠠᠯᠠᠵᠤ ᠪᠠᠶᠢᠭ᠎ᠠ ᠲᠤᠬᠠᠶ ᠶᠢᠨ ᠭᠠᠵᠠᠷ ᠲᠤ ᠬᠦᠷᠴᠦ᠂ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠳᠤ ᠴᠢᠩᠭ᠎ᠠ ᠪᠠᠶᠢᠴᠠᠭᠠᠯᠲᠠ ᠬᠢᠵᠡᠶ᠃《ᠤᠷᠭᠤᠮᠠᠯ ᠤᠨ ᠬᠢᠵᠢᠭ ᠢ ᠪᠠᠶᠢᠴᠠᠭᠠᠭᠰᠠᠨ ᠦᠨᠡᠮᠯᠡᠯ》 ᠢ ᠭᠤᠤᠯᠳᠠᠯᠭ᠎ᠠ ᠲᠠᠢ ᠪᠠᠷ ᠪᠠᠶᠢᠴᠠᠭᠠᠨ ᠰᠢᠯᠭᠠᠬᠤ ᠶᠢᠨ ᠬᠠᠮᠲᠤ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠤ ᠲᠤᠬᠠᠶ ᠶᠢᠨ ᠲᠠᠯᠠᠪᠠᠶ ᠳᠤ ᠬᠢᠵᠢᠭ ᠢ ᠪᠠᠶᠢᠴᠠᠭᠠᠵᠤ᠂ ᠬᠢᠵᠢᠭ ᠪᠠᠶᠢᠴᠠᠭᠠᠯᠲᠠ ᠶᠢᠨ ᠴᠢᠨᠠᠷᠲᠠᠶ ᠬᠥᠨᠥᠭᠡᠯᠲᠡᠶ ᠠᠮᠢᠳᠤ ᠪᠣᠳᠠᠰ ᠤᠨ ᠳᠠᠭᠠᠭᠤᠯᠤᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠭᠰᠡᠨ ᠪᠥᠭᠡᠳ ᠬᠠᠷᠢᠭᠤᠴᠠᠯᠭᠠᠲᠠᠨ ᠢ ᠰᠢᠪᠠᠳᠠᠨ ᠡᠳᠦᠷ ᠲᠤᠲᠤᠮ ᠤᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠯᠭᠡᠵᠦ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠪᠠ ᠡᠪᠡᠳᠴᠢᠨ ᠲᠠᠢ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠡᠬᠢ ᠡᠭᠦᠰᠦᠯ ᠠᠴᠠ ᠨᠢ ᠬᠤᠷᠢᠭᠯᠠᠪᠠ᠃ ᠡᠭᠦᠨ ᠤ ᠬᠠᠮᠲᠤ ᠠᠵᠢᠯᠲᠠᠨ ᠠᠴᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠢ ᠰᠢᠯᠵᠢᠭᠦᠯᠦᠨ ᠵᠥᠭᠡᠭᠡᠪᠦᠷᠢᠯᠡᠬᠦ ᠵᠢᠷᠤᠮ ᠢ ᠵᠢᠷᠤᠮᠵᠢᠭᠤᠯᠵᠤ᠂ ᠡᠭᠦᠨ ᠤ ᠵᠣᠷᠢᠯᠭ᠎ᠠ ᠨᠢ ᠠᠵᠤ ᠠᠬᠤᠶᠢᠯᠠᠯ ᠪᠠ ᠬᠤᠪᠢ ᠬᠥᠮᠦᠨ ᠤ ᠬᠠᠤᠯᠢ ᠶᠣᠰᠣᠭᠠᠷ ᠰᠢᠯᠵᠢᠭᠦᠯᠦᠨ ᠵᠥᠭᠡᠭᠡᠪᠦᠷᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ ᠶᠤᠮ᠃ ᠲᠡᠭᠡᠬᠦ ᠮᠦᠷᠲᠡᠭᠡᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠪᠦᠬᠦ ᠨᠡᠶᠢᠭᠡᠮ ᠢᠶᠠᠷ ᠢᠶᠠᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠪᠠ ᠰᠢᠯᠵᠢᠭᠦᠯᠦᠨ ᠲᠡᠭᠡᠭᠡᠪᠦᠷᠢᠯᠡᠬᠦ ᠬᠢᠵᠢᠭ ᠪᠠᠶᠢᠴᠠᠭᠠᠬᠤ ᠠᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠪᠠ᠃ ᠬᠢᠵᠢᠭ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠮᠣᠳᠣᠨ ᠤ ᠪᠦᠲᠦᠭᠡᠭᠳᠡᠬᠦᠨ ᠢ ᠬᠠᠳᠠᠭᠠᠯᠠᠵᠤ ᠪᠠᠶᠢᠭ᠎ᠠ ᠲᠤᠬᠠᠶ ᠶᠢᠨ ᠲᠠᠯᠠᠪᠠᠶ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠣᠶᠢᠵᠢᠭᠤᠯᠵᠤ ᠨᠣᠭᠤᠭᠠᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号