ᠵᠢᠦ ᠶᠤᠸᠠᠨ ᠲᠣᠭᠤᠷᠢᠭ ᠬᠥᠳᠡᠯᠮᠦᠷᠢ ᠦᠢᠯᠡᠴᠢᠯᠡᠭᠡ ᠲᠣᠮᠢᠯᠠᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
    ᠮᠠᠨ ᠤ ᠲᠤᠭᠤᠷᠢᠭ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠲᠥᠷᠥᠯ ᠤᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠠᠵᠢᠯ ᠲᠥᠷᠥᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠦᠯᠦᠭᠡ᠃ 2025 ᠣᠨ ᠤ 2 ᠰᠠᠷ᠎ᠠ ᠶᠢᠨ 19  ᠤ ᠦᠳᠡ ᠶᠢᠨ ᠡᠮᠦᠨ᠎ᠡ᠂ ᠵᠢᠤ  ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠲᠣᠭᠤᠷᠢᠭ ᠤᠨ ᠵᠠᠰᠠᠭ ᠤᠨ ᠣᠷᠳᠣᠨ ᠤ 7 ᠳ᠋ᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠥᠳᠡᠯᠮᠦᠷᠢ ᠦᠢᠯᠡᠴᠢᠯᠡᠭᠡ ᠲᠣᠮᠢᠯᠠᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠬᠠᠷᠢᠶᠠᠲᠤ ᠣᠷᠣᠨ ᠤ 20 ᠬᠥᠳᠡᠯᠮᠦᠷᠢ ᠦᠢᠯᠡᠴᠢᠯᠡᠭᠡ ᠲᠣᠮᠢᠯᠠᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠤᠷᠢᠵᠤ ᠣᠷᠣᠯᠴᠠᠭᠤᠯᠪᠠ᠃ 
11.jpg
    ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠥᠳᠡᠯᠮᠦᠷᠢ ᠶᠢᠨ ᠬᠠᠷᠢᠴᠠᠭᠠᠨ ᠤ ᠰᠠᠯᠠᠭ᠎ᠠ ᠶᠢ ᠤᠷᠢᠵᠤ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠠᠳᠡᠯ ᠤᠨ ᠳᠠᠯᠳᠠ ᠬᠡᠮ ᠤᠨ ᠳᠣᠲᠣᠭᠠᠳᠤ ᠶᠢᠨ ᠮᠡᠳᠡᠭᠦᠯᠦᠯᠲᠡ ᠶᠢ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠬᠥᠳᠡᠯᠮᠦᠷᠢ ᠦᠢᠯᠡᠴᠢᠯᠡᠭᠡ ᠲᠣᠮᠢᠯᠠᠬᠤ ᠣᠨ ᠤ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ᠂ ᠬᠥᠳᠡᠯᠮᠦᠷᠢ ᠦᠢᠯᠡᠴᠢᠯᠡᠭᠡ ᠲᠣᠮᠢᠯᠠᠬᠤ ᠬᠤᠯᠪᠣᠭᠳᠠᠯ ᠪᠥᠬᠦᠶ ᠲᠦᠷᠢᠮ ᠤᠨ ᠲᠤᠬᠠᠶ ᠲᠠᠶᠢᠯᠤᠮᠵᠢ ᠬᠢᠯᠭᠡᠵᠡᠶ᠃ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠪᠣᠯᠤᠨ ᠬᠥᠳᠡᠯᠮᠦᠷᠢ ᠶᠢᠨ ᠰᠲ᠋ᠣᠺ ᠮᠡᠳᠡᠭᠦᠯᠦᠯᠲᠡ ᠶᠢᠨ ᠬᠦᠰᠦᠨᠦᠭᠲᠦ ᠶᠢᠨ ᠵᠢᠷᠤᠮᠵᠢᠯ᠂ ᠪᠠᠶᠢᠭᠤᠯᠤᠮᠵᠢ ᠶᠢᠨ ᠣᠨ ᠤ ᠪᠠᠶᠢᠴᠠᠭᠠᠯᠲᠠ᠂ ᠬᠥᠳᠡᠯᠮᠦᠷᠢ ᠦᠢᠯᠡᠴᠢᠯᠡᠭᠡ ᠳᠤ ᠲᠣᠮᠢᠯᠠᠬᠤ ᠠᠵᠢᠯᠴᠢᠨ ᠬᠡᠷᠡᠭᠯᠡᠬᠦ ᠬᠠᠮᠢᠶᠠᠷᠤᠯᠲᠠ᠂ ᠡᠯᠧᠺᠲᠷᠣᠨ ᠭᠡᠷ᠎ᠡ ᠲᠣᠭᠲᠠᠬᠤ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ ᠪᠣᠯᠪᠠᠰᠤᠷᠠᠭᠤᠯᠤᠯ ᠬᠢᠪᠠ᠃ ᠪᠣᠯᠪᠠᠰᠤᠷᠠᠭᠤᠯᠤᠯ ᠤᠨ ᠶᠠᠪᠤᠴᠠ ᠳᠤ᠂ ᠬᠤᠷᠠᠯ ᠳᠤ ᠣᠷᠣᠯᠴᠠᠭᠰᠠᠳ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠴᠤ᠂ ᠢᠳᠡᠪᠬᠢᠲᠡᠶ ᠬᠥᠳᠡᠯᠦᠯᠴᠡᠵᠦ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠬᠤᠶᠢᠰᠢᠳᠠ ᠶᠢᠨ ᠲᠤᠬᠠᠶᠢᠯᠠᠭᠰᠠᠨ ᠠᠵᠢᠯ ᠢᠶᠠᠨ ᠤᠯᠠᠮ ᠰᠠᠶᠢᠲᠤᠷ ᠪᠡᠶᠡᠯᠡᠭᠦᠯᠵᠦ ᠴᠢᠳᠠᠬᠤ ᠪᠠᠷ ᠪᠠᠷᠠᠬᠤ ᠥᠬᠡᠶ᠂ ᠪᠠᠰᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠵᠢᠷᠤᠮᠵᠢᠭᠰᠠᠨ ᠡᠵᠡᠩᠨᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠪᠡ ᠭᠡᠵᠦ ᠣᠯᠠᠨ ᠢᠶᠠᠷ ᠢᠶᠠᠨ ᠢᠯᠡᠷᠬᠡᠶᠢᠯᠡᠵᠡᠶ᠃    ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠬᠥᠳᠡᠯᠮᠦᠷᠢ ᠦᠢᠯᠡᠴᠢᠯᠡᠭᠡ ᠲᠣᠮᠢᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ《 ᠠᠶᠦᠯᠭᠦᠢ ᠦᠢᠯᠡᠳᠪᠦᠷᠢᠯᠡᠯ ᠤᠨ ᠠᠮᠠᠯᠠᠯᠲᠠ ᠶᠢᠨ ᠪᠢᠴᠢᠭ》 ᠲᠤ ᠨᠢᠭᠡᠳᠦᠯᠲᠡᠶ ᠭᠠᠷ ᠤᠨ ᠥᠰᠥᠭ ᠵᠢᠷᠤᠵᠤ᠂ ᠠᠵᠤ  ᠠᠬᠤᠶᠢᠯᠠᠯ ᠳᠤ ᠠᠶᠦᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠲᠠᠨᠢᠭᠤᠯᠵᠤ᠂ ᠠᠶᠦᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠪᠠᠲᠤ ᠪᠣᠶ ᠪᠣᠯᠭᠠᠵᠠᠶ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠠᠵᠢᠯ ᠲᠥᠷᠥᠯ ᠤᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ᠂ ᠠᠶᠦᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠴᠢᠩᠭᠠᠷᠠᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠮᠠᠨ ᠤ  ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号