2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠶᠢᠭᠤᠯᠭ᠎ᠠ ᠶᠢᠨ ᠺᠠᠳ᠋ᠷᠴᠤᠳ ᠤᠨ | ᠣᠨᠣᠯ ᠤᠨ ᠬᠢᠷᠢ ᠲᠦᠪᠰᠢᠨ ᠪᠠ ᠤᠯᠤᠰ ᠲᠥᠷᠥ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠣᠨᠣᠯ ᠢᠶᠠᠷ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ | ᠴᠢᠳᠠᠪᠤᠷᠢ ᠪᠠᠨ ᠴᠢᠩᠭᠠᠳᠬᠠᠵᠤ᠂ ᠬᠤᠶᠠᠷᠬᠤᠳᠳᠤᠭ ᠪᠠᠯᠭᠠᠰᠤᠨ ᠤ ᠵᠠᠰᠠᠭ ᠤᠨ ᠣᠷᠳᠣᠨ ᠲᠣᠰ ᠨᠢᠭᠡᠴᠡ ᠶᠢᠨ ᠢᠶᠠᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ 2025 ᠣᠨ ᠤ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ | ᠲᠥᠷᠥ ᠶᠢᠨ ᠰᠤᠷᠤᠯᠴᠠᠯᠭ᠎ᠠ ᠶᠢᠨ ᠠᠵᠢᠯ ᠢ ᠢᠳᠡᠪᠬᠢᠲᠡᠶ ᠲᠥᠯᠥᠪᠯᠡᠵᠦ᠂ ᠥᠩᠭᠡᠷᠡᠭᠰᠡᠨ ᠤ ᠲᠠᠩ ᠭᠠᠭᠴᠠ | ᠰᠤᠷᠤᠯᠴᠠᠬᠤ ᠵᠠᠭᠪᠤᠷ ᠢ ᠡᠪᠳᠡᠵᠦ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠬᠠᠶᠢᠨ | ᠰᠦᠪᠡᠭᠴᠢᠯᠡᠵᠦ᠂ ᠣᠨᠣᠯ ᠤᠨ ᠰᠤᠷᠤᠯᠴᠠᠯᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠠᠬᠢᠭᠤᠯᠪᠠ᠃ | ᠨᠢᠭᠡ ᠳᠤ ︽ᠺᠠᠳ᠋ᠷᠴᠤᠳ ᠲᠥᠷᠥᠭᠳᠡᠯ ᠢᠶᠠᠨ ᠬᠤᠪᠢᠶᠠᠯᠴᠠᠭᠤᠯᠬᠤ ᠬᠢᠴᠢᠶᠡᠯ ᠤᠨ ᠲᠠᠩᠬᠢᠮ︾ ᠢ ᠪᠠᠶᠢᠭᠤᠯᠵᠤ᠂ | ᠰᠤᠷᠤᠯᠴᠠᠯᠭ᠎ᠠ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠪᠠ᠃ ᠡᠯ᠎ᠡ ᠰᠠᠯᠠᠭ᠎ᠠ ᠮᠥᠴᠢᠷ ᠤᠨ ᠲᠤᠰᠬᠠᠶ | ᠮᠡᠷᠭᠡᠵᠢᠯ ᠤᠨ ᠳᠠᠪᠠᠭᠤᠯᠢᠭ ᠪᠠ ᠲᠤᠷᠰᠢᠯᠭ᠎ᠠ ᠶᠢᠨ ᠣᠨᠴᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠠᠳᠠᠯᠢ ᠪᠤᠰᠤ | ᠰᠠᠯᠠᠭ᠎ᠠ ᠮᠥᠴᠢᠷ ᠤᠨ ᠪᠠᠶᠢᠭᠤᠯᠭ᠎ᠠ ᠶᠢᠨ ᠺᠠᠳ᠋ᠷᠴᠤᠳ ᠢ ᠲᠣᠬᠢᠷᠠᠭᠤᠯᠤᠨ ᠰᠤᠷᠤᠯᠴᠠᠭᠰᠠᠨ ᠣᠯᠤᠯᠲᠠ | ᠲᠥᠷᠥᠭᠳᠡᠯ ᠢᠶᠠᠨ ᠬᠤᠪᠢᠶᠠᠯᠴᠠᠭᠤᠯᠵᠤ᠂ ᠠᠵᠢᠯ ᠤᠨ ᠲᠤᠷᠰᠢᠯᠭ᠎ᠠ ᠪᠠᠨ ᠰᠣᠯᠢᠯᠴᠠᠨ᠂ ᠬᠠᠮᠤᠭ ᠤᠨ ᠰᠢᠨ᠎ᠡ | ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠠᠮᠲᠤ ᠪᠠᠷ | ᠳᠡᠭᠡᠭᠰᠢᠯᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠬᠤᠶᠠᠷ ᠲᠤ᠂ ︽ᠲᠤᠰᠬᠠᠶ ᠮᠡᠷᠭᠡᠵᠢᠯᠲᠡᠨ ᠤ ᠬᠢᠴᠢᠶᠡᠯ ᠤᠨ ᠲᠠᠩᠬᠢᠮ︾ ᠢ ᠪᠠᠶᠢᠭᠤᠯᠵᠤ᠂ ᠰᠤᠷᠤᠯᠴᠠᠯᠭ᠎ᠠ ᠶᠢᠨ | ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠪᠡ᠃ ᠲᠤᠰᠬᠠᠶ ᠮᠡᠷᠭᠡᠵᠢᠯᠲᠡᠨ ᠡᠷᠳᠡᠮᠲᠡᠨ᠂ ᠤᠳᠤᠷᠢᠳᠬᠤ ᠪᠠᠭ ᠤᠨ | ᠪᠦᠷᠢᠯᠳᠦᠬᠦᠨ ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠯᠭᠡᠵᠦ᠂ ᠬᠡᠷᠡᠭ ᠤᠨ ᠵᠢᠱᠢᠶ᠎ᠡ ᠶᠢ ᠵᠠᠳᠠᠯᠵᠤ᠂ ᠪᠠᠶᠢᠭᠤᠯᠭ᠎ᠠ ᠶᠢᠨ ᠺᠠᠳ᠋ᠷ ᠢ ᠬᠠᠪᠰᠤᠷᠤᠨ ᠬᠠᠷᠠᠭ᠎ᠠ ᠶᠢ ᠨᠢ | ᠥᠷᠭᠡᠳᠬᠡᠵᠦ᠂ ᠴᠢᠳᠠᠪᠤᠷᠢ ᠶᠢ ᠨᠢ ᠳᠡᠭᠡᠭᠰᠢᠯᠡᠭᠦᠯᠪᠡ᠃ | ᠭᠤᠷᠪᠠ ᠳᠤ᠂ ︽ᠡᠭᠦᠯᠡᠨ ᠬᠢᠴᠢᠶᠡᠯ ᠤᠨ ᠲᠠᠩᠬᠢᠮ︾ ᠢ ᠪᠣᠶ ᠪᠣᠯᠭᠠᠵᠤ᠂ ᠰᠤᠷᠤᠯᠴᠠᠯᠭ᠎ᠠ ᠶᠢᠨ ᠳᠥᠭᠦᠮ | ᠳᠥᠲᠡ ᠴᠢᠨᠠᠷ ᠢ ᠳᠡᠭᠡᠭᠰᠢᠯᠡᠭᠦᠯᠪᠡ᠃ ᠰᠢᠨ᠎ᠡ ᠵᠠᠭᠤᠴᠢᠯᠠᠭᠤᠷ ᠤᠨ ᠮᠡᠷᠭᠡᠵᠢᠯ ᠢ ᠢᠳᠡᠪᠬᠢᠲᠡᠶ ᠬᠡᠷᠡᠭᠯᠡᠵᠦ᠂ ︽ᠡᠭᠦᠯᠡᠨ | ᠬᠢᠴᠢᠶᠡᠯ ᠤᠨ ᠲᠠᠩᠬᠢᠮ︾ ᠢ ᠪᠠᠶᠢᠭᠤᠯᠵᠤ᠂ ᠰᠤᠷᠤᠯᠴᠠᠯᠭ᠎ᠠ ᠶᠢᠨ ᠬᠦᠴᠦᠷᠬᠡᠭ ᠤᠯᠤᠰ᠂ ᠲᠥᠪ ᠬᠤᠷᠢᠶᠠᠨ ᠤ | ᠨᠠᠮ ᠤᠨ ᠰᠤᠷᠭᠠᠭᠤᠯᠢ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠲᠠᠪᠴᠠᠩ ᠳᠤ ᠲᠦᠰᠢᠭᠯᠡᠨ᠂ ︽ | ᠪᠢᠴᠢᠯ ᠨᠠᠮ ᠤᠨ ᠬᠢᠴᠢᠶᠡᠯ︾᠂ ︽ᠡᠭᠦᠯᠡᠨ ᠲᠠᠶᠢᠯᠤᠮᠵᠢ︾ ᠵᠡᠷᠭᠡ ᠪᠤᠯᠤᠩ ᠭᠠᠷᠭᠠᠵᠤ᠂ ᠰᠤᠷᠤᠯᠴᠠᠬᠤ ᠮᠠᠲ᠋ᠧᠷᠢᠶᠠᠯ ᠢ | ᠲᠣᠭᠲᠠᠮᠠᠯ ᠬᠤᠭᠤᠴᠠᠭ᠎ᠠ ᠲᠠᠢ ᠪᠠᠷ ᠬᠦᠷᠭᠡᠨ ᠥᠭᠴᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠲᠠᠶᠢᠯᠪᠤᠷᠢᠯᠠᠨ᠂ ᠨᠠᠮ ᠤᠨ ᠭᠡᠰᠢᠭᠦᠨ ᠺᠠᠳ᠋ᠷᠴᠤᠳ ᠤᠨ ᠴᠠᠭ ᠢᠮᠠᠭᠲᠠ ᠰᠤᠷᠤᠯᠴᠠᠬᠤ ᠳᠤ ᠲᠥᠬᠦᠮ ᠦᠵᠡᠭᠦᠯᠵᠦ᠂ | ᠰᠤᠷᠤᠯᠴᠠᠯᠭ᠎ᠠ ᠶᠢᠨ ᠡᠬᠢ ᠪᠠᠶᠠᠯᠢᠭ ᠢ ︽ᠲᠡᠮᠲᠡᠷᠢᠵᠦ ᠴᠢᠳᠠᠬᠤ︾ ᠶᠢ ᠪᠡᠶᠡᠯᠡᠭᠦᠯᠪᠡ᠃ | ᠬᠤᠶᠠᠷᠬᠤᠳᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ | ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠤᠯᠤᠰ ᠲᠥᠷᠥ ᠶᠢᠨ ᠰᠤᠷᠤᠯᠴᠠᠯᠭ᠎ᠠ ᠶᠢᠨ ᠬᠡᠯᠪᠡᠷᠢ ᠶᠢᠨ ᠰᠢᠨ᠎ᠡ ᠶᠢ | ᠡᠭᠦᠳᠴᠦ᠂ ᠪᠠᠶᠢᠭᠤᠯᠭ᠎ᠠ ᠶᠢᠨ ᠺᠠᠳ᠋ᠷ ᠤᠨ ᠤᠯᠤᠰ ᠲᠥᠷᠥ ᠶᠢᠨ ᠣᠨᠣᠯ ᠤᠨ ᠬᠡᠪ ᠪᠣᠯᠪᠠᠰᠤᠷᠠᠯ ᠪᠠ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠪᠠᠯᠭᠠᠰᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠯ ᠰᠠᠨᠠᠭᠠᠨ ᠤ ᠪᠠᠲᠤᠯᠠᠭ᠎ᠠ ᠪᠠ | ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠬᠠᠩᠭᠠᠨ᠎ᠠ᠃ |