ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨ᠎ᠡ ᠨᠢᠭᠡ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2025/2/21
    《ᠨᠢᠭᠡ ᠵᠢᠯ ᠤᠨ ᠠᠵᠢᠯ ᠬᠠᠪᠤᠷ ᠲᠤ ᠪᠣᠶ》᠂ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠂ ᠣᠶᠢᠷ᠎ᠠ ᠶᠢᠨ ᠬᠤᠭᠤᠴᠠᠭᠠᠨ ᠳᠤ ᠢᠳᠡᠪᠬᠢᠲᠡᠶ ᠬᠥᠳᠡᠯᠦᠯᠴᠡᠵᠦ᠂ ᠡᠯ᠎ᠡ ᠰᠢᠶᠠᠩ ᠪᠠᠯᠭᠠᠰᠤ᠂ ᠠᠵᠤ  ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠪᠥᠬᠦ ᠲᠠᠯ᠎ᠠ ᠪᠠᠷ ᠵᠣᠯᠭᠠᠭᠤᠯᠵᠤ᠂ 2025 ᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠶᠠᠭᠠᠷᠠᠯᠲᠠᠶ ᠪᠡᠯᠡᠳᠬᠡᠵᠦ᠂ ᠡᠯ᠎ᠡ ᠰᠢᠶᠠᠩ ᠪᠠᠯᠭᠠᠰᠤ᠂ ᠠᠵᠤ  ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠥᠬᠦ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠲᠥᠯᠥᠪᠯᠡᠭᠡ ᠪᠠ ᠭᠤᠤᠯᠳᠠᠯᠭ᠎ᠠ ᠲᠠᠢ ᠲᠥᠷᠥᠯ ᠵᠦᠢᠯ ᠢ ᠬᠠᠮᠲᠤ ᠪᠠᠷ ᠵᠥᠪᠳᠡᠯᠴᠡᠪᠡ᠃ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠵᠡᠷᠭᠡ ᠴᠢᠬᠤᠯᠠ ᠴᠠᠭ ᠬᠤᠭᠤᠴᠠᠭᠠᠨ ᠳᠤ ᠲᠦᠰᠢᠭ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠤᠬᠠᠭᠠᠯᠠᠨ ᠲᠥᠰᠦᠪᠯᠡᠨ᠎ᠡ᠂ ᠵᠢᠱᠢᠶᠡᠯᠡᠪᠡᠯ ᠨᠡᠶᠢᠭᠡᠮ ᠲᠣᠭᠤᠷᠢᠭ ᠲᠤ ᠡᠷᠡᠭᠦᠯ ᠰᠠᠷᠠᠭᠤᠯ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠶᠢᠯᠤᠮᠵᠢ ᠬᠢᠬᠦ᠂ ᠰᠤᠷᠭᠠᠭᠤᠯᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠡᠷᠭᠢᠯᠡᠬᠦ᠂ ᠬᠥᠳᠡᠭᠡ ᠲᠣᠰᠬᠤᠨ ᠳᠤ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠬᠢᠬᠦ ᠵᠡᠷᠭᠡ ᠪᠠᠷ ᠲᠥᠯᠥᠪᠯᠡᠵᠦ᠂ ᠠᠳᠠᠯᠢ ᠪᠤᠰᠤ ᠬᠠᠮᠲᠤᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠡᠷᠡᠭᠴᠡᠭᠡ ᠶᠢ ᠬᠠᠩᠭᠠᠨ᠎ᠠ᠃     ᠡᠬᠢ ᠪᠠᠶᠠᠯᠢᠭ ᠢ ᠨᠡᠭᠡᠳᠭᠡᠬᠦ ᠲᠠᠯ᠎ᠠ ᠪᠠᠷ᠂ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠢ ᠰᠢᠶᠠᠩ ᠪᠠᠯᠭᠠᠰᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠵᠢᠯᠴᠠᠨ ᠠᠵᠢᠯᠯᠠᠵᠤ᠂ ᠬᠠᠷᠢᠶ᠎ᠠ ᠣᠷᠣᠨ ᠤ ᠪᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠯᠠᠪᠤᠷ ᠣᠷᠳᠣᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠬᠢ ᠪᠠᠶᠠᠯᠢᠭ ᠢ ᠬᠠᠮᠲᠤ ᠪᠠᠷ ᠭᠥᠷᠳᠡᠬᠦ ᠨᠠᠷᠢᠨ ᠬᠠᠭᠤᠳᠠᠰᠤ ᠶᠢ ᠪᠠᠶᠢᠭᠤᠯᠤᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠥᠬᠦᠭᠡᠷᠦᠮᠵᠢ ᠶᠢ ᠣᠯᠠᠨ ᠨᠡᠶᠢᠲᠡ ᠳᠤ ᠴᠢᠯᠥᠭᠡᠲᠡᠶ ᠨᠡᠭᠡᠭᠡᠬᠦ ᠶᠢ ᠠᠬᠢᠭᠤᠯᠵᠤ᠂ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠪᠦᠯᠬᠦᠮ ᠳᠤ ᠣᠷᠣᠯᠴᠠᠭᠤᠯᠤᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠳᠤ ᠲᠤᠰᠬᠠᠶ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠡᠩᠨᠡᠭᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠭᠡ ᠵᠠᠩᠭᠢᠴᠢᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ APP ᠶᠢ ᠬᠡᠷᠡᠭᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠭᠤᠯᠭ᠎ᠠ ᠶᠢ ᠪᠠᠭᠲᠠᠭᠠᠭᠰᠠᠨ ᠣᠯᠠᠨ ᠲᠠᠯᠠᠪᠤᠷ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠡᠷᠭᠢᠯᠡᠬᠦ ᠪᠠᠷ ᠲᠥᠯᠥᠪᠯᠡᠵᠦ᠂ ᠰᠢᠶᠠᠩ ᠪᠠᠯᠭᠠᠰᠤ᠂ ᠠᠵᠤ  ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯᠲᠠᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠶᠢᠨ ᠳᠤᠷᠠᠴᠤᠳ ᠵᠡᠷᠭᠡ ᠳᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠵᠤ᠂ ᠥᠨᠳᠥᠷ ᠬᠡᠪ ᠴᠢᠨᠠᠷ ᠲᠠᠢ᠂ ᠲᠤᠰᠬᠠᠶᠢᠵᠢᠭᠰᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠡᠩᠨᠡᠭᠡ ᠶᠢ ᠪᠣᠶ ᠪᠣᠯᠭᠠᠨ᠎ᠠ᠃    ᠤᠬᠠᠭᠤᠯᠤᠨ ᠳᠡᠯᠭᠡᠷᠡᠭᠦᠯᠬᠦ ᠲᠠᠯ᠎ᠠ ᠪᠠᠷ᠂ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠰᠢᠶᠠᠩ ᠪᠠᠯᠭᠠᠰᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠲᠤ ᠪᠠᠷ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠸᠢᠴᠠᠲ᠂《ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ》ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠰᠢᠯᠢᠳᠡᠭ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ ᠳᠠᠮᠵᠢᠭᠤᠯᠤᠨ᠎ᠠ᠃ ᠡᠭᠦᠨ ᠤ ᠬᠠᠮᠲᠤ᠂ ᠰᠢᠶᠠᠩ ᠪᠠᠯᠭᠠᠰᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠤᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠬᠦ ᠶᠢ ᠵᠣᠷᠢᠭᠵᠢᠭᠤᠯᠤᠨ᠎ᠠ᠃  ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠢ ᠰᠢᠶᠠᠩ ᠪᠠᠯᠭᠠᠰᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠨᠢᠭᠲᠠ ᠵᠣᠯᠭᠠᠯᠳᠤᠵᠤ᠂ ᠢᠳᠡᠪᠬᠢᠲᠡᠶ ᠪᠡᠯᠡᠳᠬᠡᠵᠦ᠂ 2025 ᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠰᠠᠭᠤᠷᠢ ᠲᠠᠯᠪᠢᠵᠤ᠂  ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠪᠠ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠳᠡᠭᠡᠭᠰᠢᠯᠡᠯᠲᠡ ᠳᠤ ᠰᠢᠨ᠎ᠡ ᠠᠮᠢᠵᠢᠷᠠᠯ ᠤᠨ ᠬᠦᠴᠦ ᠨᠡᠮᠡᠷᠢᠯᠡᠬᠦ ᠪᠣᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号