ᠵᠢᠤ ᠶᠤᠸᠠᠨ ᠲᠣᠭᠤᠷᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠲᠤᠰᠬᠠᠢ ᠪᠠᠶᠢᠴᠠᠭᠠᠯᠲᠠ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2025/2/21
    ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠵᠦᠢᠯ ᠤᠨ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠃ 2 ᠰᠠᠷ᠎ᠠ ᠶᠢᠨ 17  ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠭᠤᠯᠤᠯ ᠤᠨ ᠲᠥᠪ ᠤᠨ ᠵᠢᠯᠣᠭᠤᠳᠣᠯᠭ᠎ᠠ ᠳᠤᠤᠷ᠎ᠠ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠵᠠᠩ ᠶᠦᠩ ᠢᠤᠢ ᠳᠤᠭᠤᠶᠢᠯᠠᠩ ᠳᠠᠭᠠᠭᠤᠯᠤᠨ᠂ ᠵᠢᠤ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠠᠵᠢᠯᠲᠠᠳ ᠬᠠᠮᠲᠤ ᠪᠠᠷ ᠣᠷᠣᠯᠴᠠᠵᠤ᠂ ᠤᠯᠤᠰ ᠤᠨ ᠡᠨᠧᠷᠭᠢ ᠶᠢᠨ ᠪᠤᠭᠤᠲᠤ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠥᠷᠲᠡᠭᠡ ᠳᠤ ᠲᠤᠰᠬᠠᠶ ᠪᠠᠶᠢᠴᠠᠭᠠᠯᠲᠠ ᠬᠢᠪᠠ᠃
11.jpg
     ᠲᠣᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠨᠢ ᠨᠡᠶᠢᠭᠡᠮ ᠤᠨ ᠦᠨᠡᠯᠡᠯᠲᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠤᠯᠪᠣᠭᠳᠠᠯ ᠪᠥᠬᠦᠶ ᠠᠰᠠᠭᠤᠳᠠᠯ ᠢ ᠲᠣᠬᠢᠷᠠᠭᠤᠯᠤᠨ ᠪᠠᠶᠢᠷᠢᠯᠠᠭᠤᠯᠵᠤ᠂ ᠪᠠᠶᠢᠴᠠᠭᠠᠬᠤ ᠠᠵᠢᠯᠲᠠᠨ ᠠᠴᠠ ᠰᠢᠯᠭᠠᠭᠰᠠᠳ ᠤᠨ ᠬᠢᠷᠢ ᠬᠡᠮ᠂ ᠰᠢᠯᠭᠠᠯᠲᠠ ᠶᠢᠨ ᠰᠡᠳᠦᠪ ᠤᠨ ᠠᠭᠤᠯᠭ᠎ᠠ᠂ ᠰᠡᠳᠦᠪ ᠤᠨ ᠬᠥᠮᠥᠷᠭᠡ ᠶᠢᠨ ᠪᠠᠶᠢᠭᠤᠯᠤᠯᠲᠠ ᠵᠡᠷᠭᠡ ᠤᠯᠤᠰ ᠤᠨ ᠪᠠᠷᠢᠮᠵᠢᠶ᠎ᠠ ᠳᠤ ᠨᠡᠶᠢᠴᠡᠬᠦ ᠡᠰᠡᠬᠦ ᠵᠢᠴᠢ ᠰᠢᠯᠭᠠᠯᠲᠠ ᠶᠢᠨ ᠳᠤᠮᠳᠠ ᠢᠯᠡᠷᠡᠭᠰᠡᠨ ᠡᠯ᠎ᠡ ᠲᠥᠷᠥᠯ ᠤᠨ ᠠᠰᠠᠭᠤᠳᠠᠯ ᠪᠠ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠲᠦᠷᠢᠮ ᠵᠡᠷᠭᠡ ᠶᠢ ᠴᠢᠩᠭ᠎ᠠ ᠬᠢᠨᠠᠨ ᠪᠠᠶᠢᠴᠠᠭᠠᠬᠤ ᠶᠢᠨ ᠲᠥᠯᠥᠭᠡ ᠶᠤᠮ᠃      ᠲᠣᠰ ᠤᠳᠠᠭᠠᠨ ᠤ ᠤᠯᠤᠰ ᠤᠨ ᠡᠨᠧᠷᠭᠢ ᠶᠢᠨ ᠪᠤᠭᠤᠲᠤ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠥᠷᠲᠡᠭᠡ ᠶᠢᠨ ᠪᠠᠶᠢᠴᠠᠭᠠᠯᠲᠠ ᠪᠠᠷ ᠳᠡᠮᠵᠢᠨ᠂ ᠮᠠᠨ ᠤ  ᠲᠤᠭᠤᠷᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠵᠢᠩᠬᠢᠨᠢ ᠪᠠᠷ ᠡᠬᠢᠯᠡᠪᠡ᠃ ᠡᠨᠡ ᠨᠢ ᠣᠲᠣ ᠶᠢᠨ ᠪᠠᠶᠢᠭ᠎ᠠ ᠠᠵᠢᠯ ᠢ ᠨᠢᠭᠡ ᠤᠳᠠᠭ᠎ᠠ ᠪᠥᠬᠦ ᠲᠠᠯ᠎ᠠ ᠪᠠᠷ ᠡᠮᠬᠢᠯᠡᠨ ᠳᠢᠭᠯᠡᠬᠦ ᠪᠠᠷ ᠪᠠᠷᠠᠬᠤ ᠥᠬᠡᠶ᠂ ᠨᠠᠩ ᠴᠤ ᠲᠠᠷᠠᠭᠠᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠴᠢᠨᠠᠷ ᠰᠠᠶᠢᠲᠠᠶ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠶᠠᠪᠤᠳᠠᠯ ᠪᠣᠯᠤᠨ᠎ᠠ᠃ ᠢᠷᠡᠭᠡᠳᠦᠶ ᠳᠤ᠂ ᠮᠠᠨ ᠤ ᠲᠤᠭᠤᠷᠢᠭ ᠦᠷᠭᠦᠯᠵᠢᠯᠡᠨ ᠬᠦᠴᠦᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠵᠢᠷᠤᠮᠵᠢᠯ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠤᠭᠤᠲᠤ ᠬᠤᠲᠠ ᠳᠤ  ᠤᠯᠠᠮ ᠣᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号