ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ | ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 2 ᠰᠠᠷ᠎ᠠ ᠶᠢᠨ 19 ᠤ ᠡᠳᠦᠷ᠂ ᠵᠦᠩ | ᠬᠤᠢ ᠭᠡᠷ ᠬᠤᠷᠢᠶᠠᠯᠠᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠢᠷᠭᠡᠨ ᠤ | ᠬᠠᠤᠯᠢ ᠶᠢᠨ ᠪᠢᠴᠢᠭ ᠢ ᠭᠡᠷ ᠬᠤᠷᠢᠶᠠᠯᠠᠯ ᠲᠤ ᠣᠷᠣᠭᠤᠯᠬᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠡᠷ ᠬᠤᠷᠢᠶᠠᠯᠠᠯ ᠤᠨ ᠠᠵᠢᠯᠲᠠᠳ ᠰᠠᠶᠢᠨ ᠳᠤᠷ᠎ᠠ ᠶᠢᠨ | ᠦᠢᠯᠡᠴᠢᠯᠡᠭᠴᠢᠳ ᠲᠠᠢ ᠬᠠᠮᠲᠤ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ | ᠳᠡᠪᠲᠡᠷ ᠲᠠᠷᠬᠠᠭᠠᠬᠤ ᠶᠢᠨ ᠬᠠᠮᠲᠤ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠡᠳᠦᠷ ᠲᠤᠲᠤᠮ ᠤᠨ ᠠᠮᠢᠳᠤᠷᠠᠯ ᠤᠨ | ᠳᠤᠮᠳᠠᠬᠢ ᠪᠠᠶᠢᠩᠭᠤ ᠲᠣᠬᠢᠶᠠᠯᠳᠤᠳᠠᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠳᠣᠲᠣᠷ᠎ᠠ ᠰᠠᠭᠤᠭᠠᠯᠢ ᠠᠷᠠᠳ ᠤᠨ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠪᠤᠷᠢᠯᠠᠵᠤ᠂ ᠠᠭᠤᠯᠭ᠎ᠠ ᠨᠢ ᠣᠷᠤᠭ ᠬᠡᠷ ᠪᠦᠯᠢ᠂ ᠡᠳ᠋ ᠬᠥᠷᠥᠩᠭᠡ ᠶᠢᠨ ᠵᠠᠯᠭᠠᠮᠵᠢᠯᠠᠯ᠂ ᠬᠥᠷᠰᠢ | ᠵᠡᠷᠭᠡᠯᠡᠳᠡᠭᠡ ᠶᠢᠨ ᠵᠢᠭᠤᠷᠠᠯᠳᠤᠭᠠᠨ ᠵᠡᠷᠭᠡ ᠲᠠᠯ᠎ᠠ ᠶᠢ ᠬᠠᠮᠤᠷᠴᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ | ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ | ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠤᠬᠠᠮᠰᠠᠷ ᠪᠠ ᠳᠠᠳᠬᠠᠯ ᠲᠠᠢ ᠪᠣᠯᠭᠠᠬᠤ ᠬᠡᠷᠡᠭᠲᠡᠶ᠃ | ᠰᠠᠭᠤᠭᠠᠯᠢ ᠠᠷᠠᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠣᠷᠣᠯᠴᠠᠵᠤ᠂ ᠲᠤᠬᠠᠢ ᠶᠢᠨ ᠲᠠᠯᠠᠪᠠᠢ ᠶᠢᠨ | ᠬᠠᠷᠢᠯᠴᠠᠨ ᠬᠥᠳᠡᠯᠦᠯᠴᠡᠬᠦ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | ᠲᠣᠰ ᠤᠳᠠᠭᠠᠨ ᠤ ︽ᠢᠷᠭᠡᠨ ᠤ ᠬᠠᠤᠯᠢ ᠶᠢᠨ ᠪᠢᠴᠢᠭ ᠢ ᠭᠡᠷ ᠬᠤᠷᠢᠶᠠᠯᠠᠯ ᠲᠤ ᠣᠷᠣᠭᠤᠯᠬᠤ︾ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠲᠤᠬᠠᠶ ᠨᠠᠩ | ᠭᠦᠨᠵᠡᠭᠡᠶ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ ᠪᠠᠰᠠ ᠡᠶ᠎ᠡ ᠵᠣᠬᠢᠴᠠᠯ ᠲᠠᠢ ᠭᠡᠷ ᠬᠤᠷᠢᠶᠠᠯᠠᠯ ᠢ ᠪᠦᠲᠦᠭᠡᠨ | ᠪᠠᠶᠢᠭᠤᠯᠬᠤ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠵᠦᠩ ᠬᠤᠢ ᠭᠡᠷ ᠬᠤᠷᠢᠶᠠᠯᠠᠯ ᠤᠨ ᠬᠢᠨ ᠡᠯ᠎ᠡ ᠲᠦᠷᠦᠯ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠬᠠᠤᠯᠢ | ᠴᠠᠭᠠᠵᠠ ᠶᠢᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠡᠷ ᠬᠤᠷᠢᠶᠠᠯᠠᠯ ᠤᠨ ᠬᠠᠤᠯᠢᠵᠢᠯ ᠤᠨ | ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | | | | | | | |