| | ᠰᠢᠲᠠᠮᠠᠬᠠᠶ ᠬᠡᠶ ᠶᠢᠨ ᠬᠦᠷᠢᠶᠡᠨ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠮᠤᠷ | ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠤᠭᠳᠠᠮᠠᠯ ᠠᠮᠤᠷ ᠲᠦᠪᠰᠢᠨ ᠤ ᠳᠠᠯᠳᠠ | ᠬᠡᠮ ᠢ ᠴᠠᠭ ᠲᠤᠬᠠᠶ ᠳᠤᠨᠢ ᠠᠷᠢᠯᠭᠠᠵᠤ᠂ ᠰᠢᠲᠠᠮᠠᠬᠠᠶ ᠬᠡᠶ ᠶᠢᠨ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ | ᠲᠥᠯᠥᠭᠡ᠂ 2 ᠰᠠᠷ᠎ᠠ ᠶᠢᠨ 20 ᠤ ᠡᠳᠦᠷ᠂ ᠵᠢᠶ ᠪᠢᠩ ᠳᠡᠳ᠋ ᠪᠠᠯᠭᠠᠰᠤᠨ ᠤ ᠳᠠᠷᠤᠭ᠎ᠠ ᠶᠢᠨ ᠳᠠᠭᠠᠭᠤᠯᠭ᠎ᠠ ᠳᠤᠤᠷ᠎ᠠ᠂ | ᠬᠤᠷᠢᠨᠭᠡᠷ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠶᠢᠨ ᠠᠯᠪᠠᠨ ᠬᠡᠷ (ᠣᠷᠣᠨ ᠰᠠᠭᠤᠴᠠ ᠪᠠ ᠪᠥᠲᠥᠭᠡᠨ | ᠪᠠᠶᠢᠭᠤᠯᠤᠯᠲᠠ) ᠪᠤᠭᠤᠲᠤ ᠬᠤᠲᠠ ᠶᠢᠨ ᠰᠢᠲᠠᠮᠠᠬᠠᠶ ᠬᠡᠶ ᠶᠢᠨ ᠺᠣᠮᠫᠠᠨᠢ ᠲᠠᠢ ᠬᠠᠮᠲᠤᠷᠠᠨ᠂ ᠮᠠᠨ ᠤ ᠪᠠᠯᠭᠠᠰᠤᠨ ᠤ | ᠲᠥᠪᠯᠡᠷᠡᠭᠰᠡᠨ ᠣᠷᠣᠨ ᠰᠠᠭᠤᠴᠠ ᠶᠢᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠢᠶᠠᠷ ᠬᠡᠷᠡᠭᠯᠡᠵᠦ | ᠪᠠᠶᠢᠭ᠎ᠠ ᠪᠠᠶᠢᠳᠠᠯ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠰᠢᠲᠠᠮᠠᠬᠠᠶ ᠬᠡᠶ ᠶᠢᠨ ᠠᠮᠤᠷ | ᠲᠦᠪᠰᠢᠨ ᠤ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ | | | | ᠲᠣᠰ ᠤᠳᠠᠭᠠᠨ ᠤ ᠪᠠᠶᠢᠴᠠᠭᠠᠯᠲᠠ ᠶᠢᠨ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠮᠠ ᠠᠨ ᠬᠤ᠋ ᠫᠠᠨ ᠤ | ᠨᠡᠶᠢᠲᠡ ᠶᠢᠨ ᠲᠦᠷᠢᠶᠡᠰᠦᠨ ᠬᠡᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠵᠦ᠂ ᠰᠢᠲᠠᠮᠠᠬᠠᠶ | ᠬᠡᠶ ᠶᠢᠨ ᠲᠥᠬᠦᠭᠡᠷᠦᠮᠵᠢ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ᠂ ᠵᠢᠱᠢᠶᠡᠯᠡᠪᠡᠯ | ᠰᠢᠲᠠᠮᠠᠬᠠᠶ ᠬᠡᠶ ᠶᠢᠨ ᠬᠤᠭᠤᠯᠠᠶ ᠬᠠᠭᠤᠴᠢᠷᠠᠭᠰᠠᠨ ᠡᠰᠡᠬᠦ᠂ ᠡᠪᠳᠡᠷᠡᠵᠦ ᠰᠦᠢᠳᠦᠭᠰᠡᠨ ᠠᠴᠠ ᠪᠣᠯᠵᠣ ᠬᠡᠶ | ᠭᠤᠭᠤᠵᠢᠬᠤ ᠦᠵᠡᠭᠳᠡᠯ᠂ ᠵᠥᠭᠡᠯᠡᠨ ᠬᠤᠭᠤᠯᠠᠶ ᠶᠢ ᠬᠤᠯᠪᠣᠵᠤ ᠤᠭᠰᠠᠷᠠᠭᠰᠠᠨ ᠨᠢ ᠵᠢᠷᠤᠮᠵᠢᠯ ᠳᠤ ᠨᠡᠶᠢᠴᠡᠵᠦ | ᠪᠠᠶᠢᠬᠤ ᠡᠰᠡᠬᠦ᠂ ᠬᠠᠭᠤᠴᠢᠷᠠᠬᠤ ᠪᠤᠶᠤ ᠮᠤᠯᠲᠤᠷᠠᠬᠤ ᠠᠶᠤᠯ ᠲᠠᠢ ᠪᠠᠶᠢᠬᠤ ᠡᠰᠡᠬᠦ᠂ ᠰᠢᠲᠠᠮᠠᠬᠠᠶ ᠬᠡᠶ ᠶᠢᠨ | ᠲᠦᠭᠰᠢᠭᠦᠷᠢ ᠮᠡᠳᠡᠭᠡᠯᠡᠬᠦ ᠪᠠᠭᠠᠵᠢ ᠶᠢ ᠵᠥᠪ ᠤᠭᠰᠠᠷᠠᠭᠰᠠᠨ ᠮᠥᠷᠲᠡᠭᠡᠨ ᠬᠡᠪ ᠢᠶᠠᠷ ᠠᠵᠢᠯᠯᠠᠵᠤ ᠳᠡᠶᠢᠯᠬᠦ ᠡᠰᠡᠬᠦ᠂ | ᠴᠠᠬᠢᠯᠭᠠᠨ ᠬᠠᠩᠭᠠᠬᠤ ᠱᠤᠭᠤᠮ ᠨᠢ ᠬᠠᠭᠤᠴᠢᠷᠠᠵᠤ᠂ ᠳᠥᠲᠡᠯᠡᠬᠦ ᠵᠡᠷᠭᠡ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠪᠥᠬᠦ ᠲᠠᠯ᠎ᠠ ᠪᠠᠷ᠂ ᠨᠠᠷᠢᠯᠢᠭ ᠪᠥᠭᠡᠳ | ᠴᠢᠩᠭ᠎ᠠ ᠪᠠᠶᠢᠴᠠᠭᠠᠯᠲᠠ ᠬᠢᠬᠦ ᠪᠠᠷ ᠳᠡᠮᠵᠢᠨ᠂ ᠰᠢᠲᠠᠮᠠᠬᠠᠶ ᠬᠡᠶ ᠶᠢᠨ ᠲᠥᠬᠦᠭᠡᠷᠦᠮᠵᠢ ᠶᠢ ᠴᠥᠮ ᠰᠠᠶᠢᠨ ᠠᠵᠢᠯ ᠤᠨ | ᠪᠠᠶᠢᠳᠠᠯ ᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠠᠵᠢᠯᠲᠠᠳ ᠪᠠᠰᠠ ᠰᠠᠭᠤᠭᠠᠯᠢ | ᠠᠷᠠᠳ ᠲᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠲᠥᠬᠦᠮ | ᠣᠶᠢᠯᠠᠭᠠᠮᠵᠢᠲᠠᠶ ᠲᠠᠶᠢᠯᠤᠮᠵᠢ ᠬᠢᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠡᠳᠦᠷ ᠲᠤᠲᠤᠮ ᠤᠨ ᠰᠢᠲᠠᠮᠠᠬᠠᠶ | ᠬᠡᠶ ᠬᠡᠷᠡᠭᠯᠡᠬᠦ ᠳᠡᠭᠡᠨ ᠰᠠᠯᠬᠢ ᠰᠠᠶᠢᠨ ᠨᠡᠪᠲᠡᠷᠡᠬᠦ ᠶᠢ ᠪᠠᠲᠤᠯᠠᠬᠤ ᠶᠢ ᠠᠩᠬᠠᠷᠴᠤ᠂ ᠣᠷᠳᠣ ᠬᠤᠭᠤᠴᠠᠭ᠎ᠠ ᠪᠠᠷ | ᠠᠭᠠᠷ ᠢᠶᠠᠷ ᠰᠢᠲᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠥᠬᠦᠭᠡᠷᠦᠮᠵᠢ ᠪᠠᠶᠢᠴᠠᠭᠠᠬᠤ ᠵᠡᠷᠭᠡ ᠵᠦᠢᠯᠡᠰ ᠠᠴᠠ | ᠵᠠᠶᠢᠯᠠᠰᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ | ᠡᠭᠦᠰᠬᠦ ᠲᠣᠬᠢᠶᠠᠯᠳᠤᠮᠵᠢ ᠶᠢ ᠡᠬᠢ ᠡᠭᠦᠰᠦᠯ ᠠᠴᠠ ᠨᠢ ᠪᠠᠭᠠᠰᠬᠠᠵᠠᠶ᠃ | ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠡᠳᠦᠷ ᠲᠤᠲᠤᠮ ᠤᠨ ᠭᠤᠷᠪᠠᠨ ᠡᠷᠡᠨ ᠤ ᠬᠤᠭᠤᠯᠠᠨ ᠤ ᠠᠭᠤᠷ | ᠠᠮᠢᠰᠬᠤᠯ ᠲᠠᠢ ᠬᠤᠯᠪᠣᠭᠳᠠᠵᠤ᠂ ᠨᠢᠭᠡ ᠲᠠᠯ᠎ᠠ ᠨᠢ ᠠᠵᠤ ᠠᠬᠤᠶ ᠠᠷᠠᠳ ᠤᠨ ᠠᠮᠢᠳᠤᠷᠠᠯ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ ᠢᠷᠡᠭᠡᠳᠦᠶ ᠳᠤ᠂ ᠬᠤᠷᠢᠨᠭᠡᠷ ᠪᠠᠯᠭᠠᠰᠤ《ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ》ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂《ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ》ᠬᠠᠷᠢᠭᠤᠴᠠᠯᠭᠠᠲᠤ ᠰᠡᠳᠬᠢᠯᠭᠡ ᠪᠠᠷ ᠰᠢᠲᠠᠮᠠᠬᠠᠶ ᠬᠡᠶ ᠶᠢᠨ ᠠᠮᠤᠷ | ᠲᠦᠪᠰᠢᠨ ᠤ ᠠᠵᠢᠯ ᠤᠨ ᠡᠳᠦᠷ ᠲᠤᠲᠤᠮ ᠤᠨ ᠪᠠᠶᠢᠴᠠᠭᠠᠯᠲᠠ ᠪᠠ ᠤᠬᠠᠭᠤᠯᠭ᠎ᠠ ᠬᠥᠮᠦᠵᠢᠯ ᠢ ᠲᠠᠰᠤᠷᠠᠯᠲᠠ ᠥᠬᠡᠶ | ᠴᠢᠩᠭᠠᠳᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠥᠬᠦ | ᠲᠠᠯ᠎ᠠ ᠪᠠᠷ ᠪᠠᠬᠢᠵᠢᠭᠦᠯᠵᠦ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢ ᠪᠠᠲᠤᠯᠠᠨ᠎ᠠ᠃ | | | | |