ᠪᠤᠭᠤᠲᠤ ᠬᠤᠲᠠ ᠶᠢᠨ ᠮᠠᠯ ᠠᠵᠤ ᠠᠬᠤᠶ ᠤᠰᠤᠨ ᠭᠠᠷᠤᠯᠲᠠ ᠶᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠵᠢᠦ ᠶᠤᠸᠠᠨ ᠲᠣᠭᠤᠷᠢᠭ ᠤᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ ᠬᠦᠷᠴᠦ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/2/24
    2 ᠰᠠᠷ᠎ᠠ ᠶᠢᠨ 20  ᠤ ᠡᠳᠦᠷ᠂ ᠪᠤᠭᠤᠲᠤ ᠬᠤᠲᠠ ᠶᠢᠨ ᠮᠠᠯ ᠠᠵᠤ ᠠᠬᠤᠶ ᠤᠰᠤᠨ ᠭᠠᠷᠤᠯᠲᠠ ᠶᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠲᠡᠵᠢᠭᠡᠯ ᠡᠪᠡᠰᠦ ᠰᠦ ᠶᠢᠨ ᠦᠢᠯᠡᠰ ᠢ ᠳᠡᠯᠭᠡᠷᠡᠭᠦᠯᠬᠦ ᠲᠠᠰᠤᠭ ᠤᠨ ᠬᠠᠷᠢᠭᠤᠴᠠᠯᠭᠠᠲᠠᠨ ᠶᠢᠨ ᠫᠢᠩ ᠳᠤᠭᠤᠶᠢᠯᠠᠩ ᠳᠠᠭᠠᠭᠤᠯᠤᠨ ᠵᠢᠦ ᠶᠤᠸᠠᠨ ᠲᠣᠭᠤᠷᠢᠭ ᠤᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ ᠬᠦᠷᠴᠦ᠂ ᠲᠡᠵᠢᠭᠡᠯ ᠪᠣᠷᠳᠣᠭᠠᠨ ᠤ ᠱᠣᠰᠢᠭ᠎ᠠ ᠪᠠ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯ ᠠᠵᠤ ᠠᠬᠤᠶ ᠶᠢᠨ ᠲᠠᠰᠤᠭ ᠤᠨ ᠠᠵᠢᠯᠲᠠᠨ ᠪᠠᠷ᠎ᠠ ᠪᠣᠯᠵᠣ ᠪᠠᠶᠢᠴᠠᠭᠠᠪᠠ᠃
11.jpg
      ᠪᠠᠶᠢᠴᠠᠭᠠᠬᠤ ᠠᠵᠢᠯᠲᠠᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠲᠠᠢ ᠬᠠᠷᠢᠴᠠᠭᠤᠯᠤᠨ ᠲᠡᠵᠢᠭᠡᠯ ᠪᠣᠷᠳᠣᠭᠠᠨ ᠤ ᠦᠢᠯᠡᠳᠬᠦᠨ ᠤ ᠪᠠᠷᠢᠮᠵᠢᠶ᠎ᠠ ᠪᠣᠯᠤᠨ ᠦᠢᠯᠡᠳᠬᠦᠨ ᠤ ᠱᠣᠰᠢᠭ᠎ᠠ᠂ ᠰᠤᠩᠭᠤᠨ ᠪᠠᠶᠢᠴᠠᠭᠠᠭᠰᠠᠨ ᠲᠡᠮᠳᠡᠭᠯᠡᠯ᠂ ᠪᠣᠷᠣᠯᠠᠭᠤᠯᠤᠨ ᠬᠤᠳᠠᠯᠳᠤᠭᠰᠠᠨ ᠲᠡᠮᠳᠡᠭᠯᠡᠯ ᠵᠡᠷᠭᠡ ᠶᠢ ᠬᠠᠷᠭᠤᠭᠤᠯᠵᠤ᠂ ᠦᠢᠯᠡᠳᠪᠦᠷᠢᠯᠡᠭᠰᠡᠨ ᠦᠢᠯᠡᠳᠬᠦᠨ ᠨᠢ ᠦᠢᠯᠡᠳᠪᠦᠷᠢᠯᠡᠬᠦ ᠶᠢ ᠵᠥᠪᠰᠢᠶᠡᠷᠡᠭᠰᠡᠨ ᠦᠨᠡᠮᠯᠡᠯ ᠤᠨ ᠢᠯᠭᠠᠬᠤ ᠲᠡᠮᠳᠡᠭ ᠲᠠᠢ ᠦᠢᠯᠡᠳᠬᠦᠨ ᠤ ᠲᠥᠷᠥᠯ ᠢᠯᠭᠠᠯ᠂ ᠲᠥᠷᠥᠯ ᠵᠦᠢᠯ᠂ ᠴᠤᠪᠤᠷᠠᠯ ᠯᠤᠭ᠎ᠠ ᠨᠢᠭᠡᠳᠦᠯᠲᠡᠶ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ ᠪᠠᠶᠢᠴᠠᠭᠠᠯᠲᠠ ᠬᠦᠯᠢᠶᠡᠬᠦ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠬᠥᠮᠥᠷᠭᠡ᠂ ᠪᠦᠲᠦᠭᠡᠭᠳᠡᠬᠦᠨ ᠤ ᠬᠥᠮᠥᠷᠭᠡ᠂ ᠪᠣᠷᠳᠤᠭ᠎ᠠ ᠨᠠᠶᠢᠷᠠᠭᠤᠯᠬᠤ ᠲᠠᠰᠤᠭ᠂  ᠦᠢᠯᠡᠳᠪᠦᠷᠢᠯᠡᠬᠦ ᠲᠠᠰᠤᠭ ᠵᠡᠷᠭᠡ ᠶᠢ ᠪᠠᠶᠢᠴᠠᠭᠠᠨ ᠦᠵᠡᠵᠦ᠂ ᠲᠡᠭᠦᠨ ᠤ ᠦᠢᠯᠡᠳᠪᠦᠷᠢᠯᠡᠬᠦ ᠶᠠᠪᠤᠴᠠ ᠳᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠬᠡᠷᠡᠭᠯᠡᠬᠦ ᠶᠢ ᠴᠠᠭᠠᠵᠠᠯᠠᠭᠰᠠᠨ ᠪᠣᠳᠠᠰ ᠢ ᠬᠡᠷᠡᠭᠯᠡᠭᠰᠡᠨ ᠡᠰᠡᠬᠦ ᠶᠢ ᠪᠠᠶᠢᠴᠠᠭᠠᠨ᠎ᠠ︔ ᠡᠭᠦᠨ ᠠᠴᠠ ᠭᠠᠳᠠᠨ᠎ᠠ᠂ ᠪᠠᠶᠢᠴᠠᠭᠠᠬᠤ ᠳᠤᠭᠤᠶᠢᠯᠠᠩ ᠪᠠᠰᠠ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠪᠠ ᠰᠡᠷᠡᠮᠵᠢ ᠶᠢᠨ ᠢᠯᠡᠳᠬᠡᠮᠵᠢ ᠲᠡᠮᠳᠡᠭ ᠢ ᠪᠠᠶᠢᠷᠢᠯᠠᠭᠤᠯᠤᠭᠰᠠᠨ ᠡᠰᠡᠬᠦ᠂ ᠦᠢᠯᠡᠳᠪᠦᠷᠢ ᠶᠢᠨ ᠲᠣᠭᠤᠷᠢᠭ ᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠪᠦᠷᠢᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃     ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠶᠡᠷᠦᠩᠬᠡᠶ ᠪᠠᠶᠢᠳᠠᠯ ᠨᠢ ᠰᠠᠶᠢᠨ ᠪᠠᠶᠢᠵᠤ᠂ ᠣᠨᠴᠠ ᠵᠠᠷᠢᠮ ᠠᠵᠤ ᠠᠬᠤᠶᠢᠯᠠᠯ ᠳᠤ ᠠᠵᠤ ᠠᠬᠤᠶᠢᠯᠠᠯ ᠤᠨ ᠪᠠᠷᠢᠮᠵᠢᠶ᠎ᠠ ᠪᠠ ᠱᠣᠰᠢᠭ᠎ᠠ ᠲᠣᠭᠲᠠᠭᠠᠬᠤ ᠨᠢ ᠵᠢᠷᠤᠮᠵᠢᠯ ᠥᠬᠡᠶ᠂ ᠡᠬᠡ ᠲᠠᠩᠰᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢᠶᠠᠨ ᠰᠢᠨᠡᠳᠬᠡᠭᠰᠡᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠠᠴᠠ ᠴᠡᠭᠴᠡᠯᠡᠨ  ᠦᠭᠡᠷᠡᠴᠢᠯᠡᠬᠦ ᠰᠠᠨᠠᠯ ᠪᠠ ᠰᠠᠨᠠᠭᠤᠯᠭ᠎ᠠ ᠳᠤᠷᠠᠳᠴᠤ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠦᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ᠃
22.jpg
     ᠲᠡᠵᠢᠭᠡᠯ ᠪᠣᠷᠳᠤᠭ᠎ᠠ ᠨᠢ ᠠᠮᠢᠲᠠᠨ ᠤ ᠢᠳᠡᠭᠡᠨ ᠪᠣᠯᠤᠭᠰᠠᠨ ᠤ ᠬᠤᠪᠢ ᠳᠤ᠂ ᠶᠠᠰᠤ ᠴᠢᠨᠠᠷ ‍ᠤᠨ‌ᠠᠮᠤᠷ ᠲᠦᠪᠰᠢᠨ ᠤ ᠠᠵᠢᠯ ᠪᠣᠯ ᠨᠢᠭᠡᠨ ᠦᠷᠭᠦᠯᠵᠢᠯᠡᠨ ᠴᠢᠩᠭᠠᠳᠬᠠᠬᠤ ᠶᠠᠪᠤᠴᠠ ᠪᠣᠯᠤᠨ᠎ᠠ᠃ ᠲᠠᠷᠠᠭᠠᠴᠢ ᠪᠠᠷ᠂  ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢᠶᠠᠨ ᠴᠢᠩᠭᠠᠳᠬᠠᠬᠤ ᠶᠢ ᠦᠷᠭᠦᠯᠵᠢᠯᠡᠨ ᠰᠢᠮᠳᠠᠭᠤᠯᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠭᠦᠬᠡᠶ ᠮᠠᠲ᠋ᠧᠷᠢᠶᠠᠯ ᠤᠨ ᠬᠠᠮᠢᠶᠠᠷᠤᠯᠲᠠ᠂  ᠦᠢᠯᠡᠳᠬᠦᠨ ᠤ ᠶᠠᠰᠤ ᠴᠢᠨᠠᠷ ᠢ ᠡᠵᠡᠮᠳᠡᠬᠦ᠂ ᠲᠡᠵᠢᠭᠡᠯ ᠪᠣᠷᠳᠣᠭᠠᠨ ᠤ ᠱᠣᠰᠢᠭ᠎ᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠭᠤᠤᠯᠳᠠᠯᠭ᠎ᠠ ᠶᠢ ᠲᠣᠳᠣᠷᠬᠠᠶᠢᠯᠠᠵᠤ᠂ ᠬᠠᠮᠢᠶᠠᠷᠤᠯᠲᠠ ᠶᠢ ᠵᠢᠷᠤᠮᠵᠢᠭᠤᠯᠤᠨ᠂  ᠦᠢᠯᠡᠳᠪᠦᠷᠢᠯᠡᠭᠰᠡᠨ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂  ᠲᠤᠭᠤᠷᠢᠭ ‍ᠤᠨ‌‍ᠲ᠋ᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠭᠤᠤᠯᠳᠠᠯᠭ᠎ᠠ ᠲᠠᠢ ᠲᠦᠭᠰᠢᠭᠦᠷᠢ ᠶᠢᠨ ᠴᠡᠭ ᠤᠨ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠤᠰᠣ ᠳᠡᠯᠪᠡᠷᠡᠬᠦ ᠳᠤ ᠬᠤᠯᠪᠣᠭᠳᠠᠬᠤ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠳᠤ ᠥᠨᠳᠥᠷ ᠨᠢᠭᠲᠠᠴᠠ ᠲᠠᠢ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号