ᠵᠢᠤ ᠶᠤᠸᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠭᠤᠤᠯ ᠤᠨ ᠵᠠᠮ ᠢ ᠰᠢᠪᠠᠳᠠᠭᠤᠯᠤᠨ ᠪᠠᠶᠢᠴᠠᠭᠠᠵᠤ ᠰᠤᠩᠭᠤᠨ ᠪᠠᠶᠢᠴᠠᠭᠠᠬᠤ ᠠᠵᠢᠯ ᠢ ᠡᠬᠢᠯᠡᠭᠦᠯᠵᠦ ᠤᠰᠤᠨ ᠣᠷᠣᠨ ᠤ《ᠠᠮᠢᠨ ᠰᠤᠳᠠᠰᠤ》 ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/2/24
111.jpg
    ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠠᠴᠠ ᠭᠤᠤᠯ ᠤᠨ ᠵᠠᠮ ᠢ ᠰᠢᠪᠠᠳᠠᠭᠤᠯᠤᠨ ᠪᠠᠶᠢᠴᠠᠭᠠᠵᠤ ᠰᠤᠩᠭᠤᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠭᠤᠤᠯ ᠤᠨ ᠵᠠᠮ ᠢ  ᠨᠢᠭᠡ ᠨᠢᠭᠡ ᠪᠠᠷ ᠲᠣᠭᠤᠷᠢᠨ ᠪᠠᠶᠢᠴᠠᠭᠠᠵᠤ᠂ ᠲᠣᠭᠤᠷᠢᠨ ᠪᠠᠶᠢᠴᠠᠭᠠᠬᠤ ᠬᠦᠷᠢᠶ᠎ᠡ ᠬᠡᠪᠴᠢᠶ᠎ᠡ ᠨᠢ ᠬᠠᠲᠤᠨ ᠭᠤᠤᠯ᠂ ᠬᠥᠨᠳᠡᠯᠡᠨ ᠭᠤᠤᠯ᠂ ᠮᠡᠷᠭᠡᠨ ᠭᠤᠤ᠂ ᠬᠠᠲᠠᠮᠠᠨ ᠭᠤᠤ᠂ ᠤᠯᠠᠭᠠᠨᠪᠤᠯᠠᠭ ᠭᠤᠤ ᠵᠡᠷᠭᠡ ᠭᠤᠤᠯ ᠪᠣᠯᠬᠤ ᠭᠤᠤᠯ ᠤᠨ ᠵᠠᠮ ᠢ ᠬᠠᠮᠤᠷᠴᠤ᠂ ᠲᠣᠭᠤᠷᠢᠨ ᠪᠠᠶᠢᠴᠠᠭᠠᠯᠲᠠ ᠨᠢ ᠶᠠᠪᠠᠭᠠᠨ ᠶᠠᠪᠤᠬᠤ᠂ ᠲᠡᠷᠭᠡ ᠬᠥᠰᠬᠡ᠂ ᠵᠢᠯᠣᠭᠤᠴᠢ ᠥᠬᠡᠶ ᠨᠢᠰᠬᠡᠯ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠵᠤ᠂ ᠭᠤᠤᠯ ᠤᠨ ᠬᠤᠶᠠᠷ ᠡᠷᠭᠢ ᠶᠢᠨ ᠳᠠᠯᠠᠩ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠨ ᠨᠢᠭᠲᠠ ᠵᠢᠭᠰᠠᠭᠠᠨ ᠪᠠᠶᠢᠴᠠᠭᠠᠪᠠ᠃    ᠲᠣᠭᠤᠷᠢᠨ ᠪᠠᠶᠢᠴᠠᠭᠠᠬᠤ ᠪᠠᠷ ᠳᠡᠮᠵᠢᠨ ᠣᠯᠵᠤ ᠮᠡᠳᠡᠭᠰᠡᠨ ᠨᠢ᠂ ᠵᠠᠮ᠂ ᠬᠥᠭᠦᠷᠭᠡ ᠪᠣᠯᠤᠨ ᠭᠤᠤᠯ ᠤᠨ ᠵᠠᠮ ᠤᠨ ᠠᠭᠤᠯᠵᠠᠷ ᠭᠠᠵᠠᠷ ᠪᠣᠯ ᠬᠤᠭ ᠨᠣᠪᠰᠢ ᠬᠠᠶᠠᠬᠤ ᠬᠦᠨᠳᠦ ᠭᠠᠮᠰᠢᠭᠳᠠᠭᠰᠠᠨ ᠣᠷᠣᠨ ᠪᠣᠯᠬᠤ ᠪᠥᠭᠡᠳ ᠪᠠᠰᠠ ᠴᠤ ᠠᠮᠠᠷᠬᠠᠨ ᠡᠭᠦᠰᠬᠦ ᠣᠷᠣᠨ ᠪᠦᠰᠡ ᠪᠣᠯᠤᠨ᠎ᠠ᠂ ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠠᠴᠠ ᠬᠡᠰᠡᠭ ᠭᠤᠤᠯ ᠤᠨ ᠬᠡᠰᠡᠭ ᠲᠤ ᠬᠤᠭ ᠨᠣᠪᠰᠢ ᠣᠪᠣᠭᠠᠯᠠᠵᠤ ᠲᠠᠯᠪᠢᠭᠰᠠᠨ ᠵᠡᠷᠭᠡ ᠪᠠᠶᠢᠳᠠᠯ ᠢ ᠨᠢᠭᠡᠨᠲᠡ ᠬᠠᠷᠢᠶ᠎ᠠ ᠰᠢᠶᠠᠩ ᠪᠠᠯᠭᠠᠰᠤᠨ ᠳᠤ ᠬᠠᠷᠢᠭᠤ ᠲᠤᠰᠬᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠵᠤ ᠳᠠᠭᠤᠰᠬᠠᠬᠤ ᠶᠢᠨ ᠬᠠᠮᠲᠤ ᠳᠠᠷᠠᠭ᠎ᠠ ᠨᠢ ᠤᠳᠠᠭ᠎ᠠ ᠨᠡᠮᠡᠵᠦ ᠭᠤᠤᠯᠳᠠᠯᠭ᠎ᠠ ᠲᠠᠢ ᠠᠩᠬᠠᠷᠬᠤ ᠬᠡᠷᠡᠭᠲᠡᠶ ᠭᠡᠵᠦ ᠱᠠᠭᠠᠷᠳᠠᠪᠠ᠃    ᠭᠤᠤᠯ ᠮᠥᠷᠡᠨ ᠢ  ᠪᠠᠶᠢᠴᠠᠭᠠᠬᠤ ᠶᠢ ᠪᠠᠶᠢᠩᠭᠤᠵᠢᠭᠤᠯᠬᠤ ᠪᠣᠯ ᠭᠤᠤᠯ ᠤᠨ ᠵᠠᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠰᠠᠭᠤᠷᠢ ᠮᠥᠨ᠂ ᠪᠠᠰᠠ ᠴᠤ ᠭᠤᠤᠯ ᠤᠨ ᠵᠠᠮ ᠴᠡᠪᠡᠷ ᠲᠡᠭᠰᠢ ᠪᠠᠶᠢᠬᠤ ᠪᠠ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠪᠠᠲᠤᠯᠠᠭ᠎ᠠ ᠮᠥᠨ᠂ ᠨᠠᠩ ᠴᠤ《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠵᠠᠩᠭᠢᠯᠠᠭ᠎ᠠ ᠶᠢᠨ ᠠᠷᠭ᠎ᠠ ᠵᠠᠮ ᠮᠥᠨ᠃    ᠲᠠᠷᠠᠭᠠᠴᠢ  ᠪᠠᠷ᠂ ᠵᠢᠤ ᠶᠤᠸᠠᠨ ᠲᠣᠭᠤᠷᠢᠭ ᠤᠨ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠭᠤᠤᠯ ᠨᠠᠭᠤᠷ ᠢ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠬᠠᠮᠠᠭᠠᠯᠠᠵᠤ ᠬᠢᠨᠠᠨ ᠬᠠᠮᠢᠶᠠᠷᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠢ ᠰᠠᠬᠢᠬᠤ ᠬᠠᠷᠢᠭᠤᠴᠠᠯᠭ᠎ᠠ ᠲᠠᠢ ᠪᠠᠶᠢᠬᠤ᠂ ᠭᠤᠤᠯ ᠮᠥᠷᠡᠨ ᠨᠠᠭᠤᠷ ᠴᠥᠭᠦᠷᠥᠮ ᠢ ᠰᠠᠬᠢᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠤᠯ ᠮᠥᠷᠡᠨ ᠨᠠᠭᠤᠷ ᠴᠥᠭᠦᠷᠥᠮ ᠢ ᠰᠠᠬᠢᠬᠤ ᠬᠠᠷᠢᠭᠤᠴᠠᠯᠭ᠎ᠠ ᠪᠠᠨ ᠡᠭᠦᠷᠭᠡᠯᠡᠬᠦ ᠶᠢ ᠦᠨᠡᠨ ᠬᠦ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号