| | ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ | ᠪᠠᠳᠠᠷᠠᠭᠤᠯᠵᠤ᠂《ᠨᠢᠭᠡ ᠬᠥᠮᠦᠨ ᠴᠡᠷᠢᠭ ᠲᠤ ᠣᠷᠣᠪᠠᠯ ᠪᠥᠬᠦ ᠬᠡᠷ ᠢᠶᠠᠷ ᠢᠶᠠᠨ ᠢᠷᠠᠭᠤ ᠠᠯᠳᠠᠷᠲᠠᠶ》ᠭᠡᠬᠦ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2 ᠰᠠᠷ᠎ᠠ ᠶᠢᠨ 20 ᠤ ᠡᠳᠦᠷ᠂ | ᠬᠤᠶᠠᠷᠬᠤᠳᠳᠤᠭ ᠪᠠᠯᠭᠠᠰᠤ ᠶᠢᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠸᠠᠩ ᠬᠤᠶ ᠴᠡᠷᠢᠭ ᠤᠨ | ᠠᠯᠪᠠ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠪᠣᠯᠤᠨ ᠲᠣᠰᠬᠤᠨ ᠤ ᠵᠥᠪᠯᠡᠯ ᠤᠨ ᠠᠵᠢᠯᠲᠠᠳ ᠢ | ᠳᠠᠭᠠᠭᠤᠯᠤᠨ《ᠳᠥᠷᠪᠡ ᠶᠢ ᠪᠦᠷᠢᠳᠦᠭᠦᠯᠦᠭᠰᠡᠨ》ᠰᠢᠯᠢᠳᠡᠭ ᠪᠠᠶᠢᠯᠳᠤᠭᠴᠢ ᠶᠢᠨ ᠬᠡᠷ ᠲᠤ ᠬᠦᠷᠴᠦ᠂ ᠬᠡᠷ | ᠪᠦᠯᠢ ᠶᠢᠨ ᠬᠢᠨ ᠳᠤᠨᠢ ᠪᠠᠶᠠᠷ ᠤᠨ ᠮᠡᠳᠡᠭᠡ ᠬᠦᠷᠭᠡᠬᠦ ᠶᠢᠨ ᠬᠠᠮᠲᠤ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ | ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ | | | | ᠰᠢᠯᠢᠳᠡᠭ ᠪᠠᠶᠢᠯᠳᠤᠭᠴᠢᠳ ᠤᠨ ᠬᠡᠷ ᠲᠤ᠂ ᠸᠠᠩ ᠬᠡᠯᠲᠡᠰ ᠤᠨ ᠳᠠᠷᠤᠭ᠎ᠠ ᠴᠡᠷᠢᠭ ᠤᠨ ᠬᠡᠷ ᠪᠦᠯᠢ ᠶᠢᠨ ᠬᠢᠨ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ | ᠣᠶᠢᠯᠠᠭᠠᠵᠤ᠂ ᠲᠡᠳᠡᠨ ᠤ ᠤᠯᠤᠰ ᠪᠣᠯᠤᠨ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ | ᠥᠭᠭᠦᠭᠰᠡᠨ ᠳᠤ ᠲᠠᠯᠠᠷᠬᠠᠬᠤ ᠶᠢᠨ ᠬᠠᠮᠲᠤ ᠳᠠᠭᠠᠵᠤ ᠶᠠᠪᠤᠭ᠎ᠠ ᠠᠵᠢᠯᠲᠠᠳ ᠲᠤ ᠴᠡᠷᠢᠭ ᠤᠨ ᠬᠡᠷ ᠪᠦᠯᠢ ᠶᠢ | ᠬᠠᠯᠠᠮᠵᠢᠯᠠᠨ ᠬᠠᠶᠢᠷᠠᠯᠠᠵᠤ᠂ ᠲᠡᠳᠡᠨ ᠤ ᠪᠣᠳᠠᠲᠠᠶ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠡᠳᠡᠨ ᠳᠤ | ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠶ ᠭᠡᠵᠦ ᠵᠠᠬᠢᠪᠠ᠃ | ᠴᠡᠷᠢᠭ ᠤᠨ ᠭᠡᠷ ᠪᠦᠯᠢ ᠶᠢᠨ ᠬᠢᠨ ᠪᠠᠰᠠ᠂ ᠬᠡᠦᠬᠡᠳ ᠴᠡᠷᠢᠭ ᠠᠩᠬᠢ ᠳᠤ ᠭᠠᠪᠢᠶ᠎ᠠ ᠪᠠᠶᠢᠭᠤᠯᠵᠤ ᠱᠠᠩᠨᠠᠯ | ᠬᠦᠷᠳᠡᠵᠦ ᠳᠡᠶᠢᠯᠬᠦ ᠨᠢ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠬᠥᠮᠦᠵᠢᠯ ᠠᠴᠠ ᠰᠠᠯᠵᠤ ᠴᠢᠳᠠᠬᠤ ᠦᠭᠡᠢ | ᠶᠤᠮ᠂ ᠲᠡᠳᠡ ᠦᠷᠭᠦᠯᠵᠢᠯᠡᠨ ᠬᠡᠦᠬᠡᠳ ᠢᠶᠠᠨ ᠴᠡᠷᠢᠭ ᠠᠩᠬᠢ ᠳᠠᠭᠠᠨ ᠰᠡᠳᠬᠢᠯ ᠠᠮᠤᠷ ᠠᠯᠪᠠ ᠬᠠᠭᠠᠵᠤ᠂ ᠲᠠᠬᠢᠨ | ᠰᠢᠨ᠎ᠡ ᠭᠠᠪᠢᠶ᠎ᠠ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠬᠦᠴᠦᠨ ᠴᠢᠳᠠᠯ ᠢᠶᠠᠨ | ᠡᠷᠭᠦᠬᠦ ᠶᠢ ᠵᠣᠷᠢᠭᠵᠢᠭᠤᠯᠤᠨ᠎ᠠ ᠭᠡᠵᠦ ᠰᠡᠳᠬᠢᠯ ᠳᠣᠭᠳᠣᠯᠤᠨ ᠢᠯᠡᠳᠬᠡᠪᠡ᠃ | ᠡᠨᠡ ᠤᠳᠠᠭᠠᠨ ᠤ ᠪᠠᠶᠠᠷ ᠤᠨ ᠰᠣᠨᠢᠨ ᠬᠦᠷᠭᠡᠬᠦ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠠᠴᠠ ᠴᠡᠷᠢᠭ | ᠪᠠ ᠴᠡᠷᠢᠭ ᠤᠨ ᠬᠡᠷ ᠪᠦᠯᠢ ᠶᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠬᠠᠷᠠᠭᠤᠯᠵᠤ᠂ ᠥᠷᠭᠡᠨ ᠣᠯᠠᠨ ᠵᠣᠬᠢᠬᠤ | ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠬᠠᠯᠠᠭᠤᠨ ᠰᠡᠳᠬᠢᠯᠭᠡ ᠶᠢ ᠤᠯᠠᠮ | ᠨᠢᠭᠡ ᠠᠯᠬᠤᠮ ᠬᠥᠭᠵᠢᠭᠡᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠵᠠᠶ᠃ | | | | | | | | |