ᠮᠠᠨ ᠤ ᠣᠷᠣᠨ ᠤ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠷᠣᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠯᠡᠨ | ᠲᠣᠭᠲᠠᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠠᠶᠢᠭᠤᠯᠤᠮᠵᠢ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠰᠢᠯᠭᠠᠷᠠᠭᠤᠯᠤᠯᠲᠠ ᠳᠤ ᠣᠷᠣᠯᠴᠠᠭᠤᠯᠬᠤ ᠶᠢᠨ ᠬᠠᠮᠲᠤ | ᠪᠥᠬᠦ ᠶᠠᠪᠤᠴᠠ ᠶᠢ ᠵᠢᠯᠣᠭᠤᠳᠬᠤ ᠪᠠᠶᠢᠭᠤᠯᠤᠮᠵᠢ ᠠᠴᠠ ᠭᠤᠶᠤᠴᠢᠯᠠᠨ ᠮᠡᠳᠡᠭᠦᠯᠬᠦ ᠪᠠ ᠤᠭᠲᠤᠨ ᠦᠨᠡᠯᠡᠬᠦ ᠠᠵᠢᠯ ᠢ | ᠰᠠᠶᠢᠲᠤᠷ ᠬᠢᠬᠦ ᠬᠡᠷᠡᠭᠲᠡᠶ᠃ | ᠪᠠᠶᠢᠭᠤᠯᠤᠮᠵᠢ ᠶᠢᠨ ᠥᠪᠡᠷ ᠤᠨ ᠦᠨᠡᠯᠡᠯᠲᠡ ᠪᠠ ᠭᠤᠶᠤᠴᠢᠯᠠᠨ ᠮᠡᠳᠡᠭᠦᠯᠬᠦ ᠪᠠᠷ ᠳᠡᠮᠵᠢᠨ᠂ ᠬᠤᠰᠢᠭᠤ ᠰᠢᠶᠠᠨ | ᠲᠣᠭᠤᠷᠢᠭ ᠪᠠ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠱᠠᠲᠤ ᠳᠠᠷᠠᠭᠠᠯᠠᠨ ᠬᠢᠨᠠᠨ ᠬᠠᠷᠭᠤᠭᠤᠯᠵᠤ᠂ | ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠦᠨᠡᠯᠡᠨ ᠵᠢᠱᠢᠵᠦ᠂ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠣᠭ᠎ᠠ ᠶᠢᠨ ᠬᠢᠨᠠᠨ ᠰᠢᠯᠭᠠᠷᠠᠭᠤᠯᠬᠤ᠂ ᠵᠠᠷᠯᠠᠨ ᠨᠡᠶᠢᠲᠡᠯᠡᠬᠦ ᠵᠢᠴᠢ ᠬᠤᠷᠠᠯ ᠢᠶᠠᠷ ᠬᠢᠨᠠᠨ ᠵᠥᠪᠯᠡᠬᠦ | ᠵᠡᠷᠭᠡ ᠲᠠᠰ ᠳᠠᠷᠠᠭᠠᠯᠠᠯ ᠢ ᠴᠢᠩᠳᠠᠯᠠᠵᠤ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠵᠥᠩ ᠳ᠋ᠧ ᠡᠷᠡᠭᠦᠯ | ᠮᠡᠨᠳᠦ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠨᠢ 1A ᠲᠠᠰ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠪᠠᠷ ᠦᠨᠡᠯᠡᠭᠳᠡᠪᠡ᠃ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠵᠦᠩ ᠳ᠋ᠧ ᠡᠷᠡᠭᠦᠯ ᠮᠡᠨᠳᠦ | ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠠᠮᠵᠢᠯᠲᠠ ᠣᠯᠣᠭᠰᠠᠨ ᠨᠢ ᠨᠠᠮ ᠪᠣᠯᠤᠨ ᠵᠠᠰᠠᠭ ᠤᠨ ᠣᠷᠳᠣᠨ ᠠᠴᠠ | ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠬᠠᠷᠠᠭᠤᠯᠵᠤ ᠪᠠᠶᠢᠬᠤ ᠪᠥᠭᠡᠳ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠵᠡᠮᠳᠡᠭᠴᠦᠳ ᠢ ᠨᠠᠶᠢᠳᠠᠵᠤ ᠠᠰᠠᠷᠠᠭᠤᠯᠬᠤ ᠦᠢᠯᠡᠴᠢᠯᠡᠭᠡᠨ ᠤ ᠦᠢᠯᠡᠰ ᠢ ᠠᠩᠬᠠᠷᠤᠨ | ᠬᠠᠯᠠᠮᠵᠢᠯᠠᠵᠤ ᠪᠠᠶᠢᠬᠤ ᠶᠢ ᠳᠠᠮᠵᠢᠭᠤᠯᠵᠤ᠂ ᠵᠡᠮᠳᠡᠭᠴᠦᠳ ᠤᠨ ᠬᠠᠮᠲᠤᠯᠢᠭ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ | ᠬᠦᠷᠲᠡᠭᠡᠵᠦ᠂ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠡᠢ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠰ ᠤᠳᠠᠭᠠᠨ ᠤ | ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠵᠥᠩ ᠳ᠋ᠧ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ | ᠬᠦᠷᠢᠶᠡᠯᠡᠩ ᠤᠨ ᠦᠨᠡᠯᠡᠯᠲᠡ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠬᠢᠨᠠᠮᠠᠭᠠᠶ ᠳ᠋ᠦᠩᠨᠡᠨ᠂ ᠠᠵᠢᠯ ᠤᠨ | ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠵᠡᠮᠳᠡᠭᠴᠦᠳ ᠲᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ | ᠳᠥᠲᠡ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠵᠤ᠂ ᠮᠠᠨ ᠤ ᠲᠤᠭᠤᠷᠢᠭ ᠤᠨ ᠵᠡᠮᠳᠡᠭᠴᠦᠳ ᠢ ᠨᠠᠶᠢᠳᠠᠵᠤ | ᠠᠰᠠᠷᠠᠭᠤᠯᠬᠤ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | | | | | | | | |