| | 2 ᠰᠠᠷ᠎ᠠ ᠶᠢᠨ 20 ᠤ ᠡᠳᠦᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠭᠤᠤ ᠹᠧᠩ | ᠲᠣᠪᠴᠢᠶᠠᠨ ᠳᠠᠷᠤᠭ᠎ᠠ ᠪᠦᠯᠬᠦᠮ ᠳᠠᠭᠠᠭᠤᠯᠤᠨ᠂ ᠪᠤᠭᠤᠲᠤ ᠬᠤᠲᠠ ᠶᠢᠨ ᠵᠢᠶᠧ ᠢ ᠰᠢᠩ ᠮᠠᠰᠢᠨ ᠮᠧᠬᠠᠨᠢᠭ | ᠦᠢᠯᠡᠳᠬᠦ ᠬᠢᠵᠠᠭᠠᠷᠲᠤ ᠺᠣᠮᠫᠠᠨᠢ ᠳᠤ ᠳᠠᠭᠠᠭᠠᠴᠢᠯᠠᠨ ᠬᠤᠯᠪᠣᠭᠠᠯᠠᠬᠤ ᠠᠵᠢᠯᠯᠠᠭ᠎ᠠ ᠶᠢ ᠬᠠᠪᠰᠤᠷᠤᠨ ᠲᠡᠳᠬᠦᠬᠦ | ᠠᠵᠢᠯᠯᠠᠭ᠎ᠠ ᠥᠷᠨᠢᠭᠦᠯᠪᠡ᠃ ᠠᠵᠤ ᠠᠬᠤᠶᠢᠯᠠᠯ ᠢ ᠦᠨᠡᠨ ᠬᠦ ᠬᠠᠪᠰᠤᠷᠤᠨ ᠦᠵᠡᠯ ᠰᠠᠨᠠᠭᠠᠨ ᠤ ᠲᠠᠯ᠎ᠠ ᠪᠠᠷ ᠬᠢ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠲᠦᠷᠢᠮ ᠢ ᠬᠡᠷᠡᠭᠵᠢᠭᠦᠯᠬᠦ ᠳᠤᠲᠠᠭᠳᠠᠯ ᠢ ᠡᠷᠢᠵᠦ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠡᠮᠵᠢᠶᠡᠵᠢᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ᠬᠠᠪᠰᠤᠷᠤᠨ ᠲᠡᠳᠬᠦᠬᠦ ᠠᠵᠢᠯᠲᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ | ᠰᠣᠯᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠳᠣᠬᠢ | ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠡᠯᠬᠢᠶ᠎ᠡ | ᠲᠣᠳᠣᠷᠬᠠᠶ ᠥᠬᠡᠶ᠂ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠲᠣᠳᠣᠷᠬᠠᠶ ᠥᠬᠡᠶ ᠵᠡᠷᠭᠡ | ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠦᠨᠳᠦᠰᠦᠨ ᠪᠠᠲᠤᠯᠠᠭ᠎ᠠ ᠶᠢᠨ ︽ᠳᠥᠷᠪᠡ ᠶᠢ | ᠪᠣᠳᠠᠲᠠᠶᠢᠵᠢᠭᠤᠯᠬᠤ︾ ᠪᠠ ᠭᠤᠤᠯᠳᠠᠯᠭ᠎ᠠ ᠲᠠᠢ ᠭᠤᠭᠴᠤᠭ᠎ᠠ ᠶᠢᠨ ︽ᠲᠠᠪᠤ ᠶᠢ ᠴᠢᠩᠭ᠎ᠠ ᠠᠳᠬᠤᠬᠤ︾ ᠵᠢᠴᠢ | ᠬᠠᠮᠢᠶᠠᠷᠤᠯᠲᠠ ᠠᠯᠳᠠᠵᠤ ᠬᠠᠷᠢᠭᠤᠴᠠᠯᠭ᠎ᠠ ᠠᠯᠳᠠᠬᠤ ︽ᠵᠢᠷᠭᠤᠭ᠎ᠠ ᠶᠢ ᠵᠠᠪᠠᠯ ᠨᠡᠬᠡᠮᠵᠢᠯᠡᠬᠦ︾ 15 ᠭᠤᠤᠯᠳᠠᠯᠭ᠎ᠠ ᠲᠠᠢ | ᠵᠦᠢᠯᠡᠰ ᠢ ᠨᠠᠷᠢᠨ ᠨᠢᠮᠪᠠᠶ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠭᠤᠤᠯ | ᠬᠠᠷᠢᠭᠤᠴᠠᠯᠭᠠᠲᠠᠨ ᠠᠴᠠ ᠨᠢᠭᠡᠳᠦᠭᠡᠷ ᠹᠷᠣᠨᠲ ᠤᠨ ᠠᠵᠢᠯᠴᠢᠨ ᠪᠣᠯᠲᠠᠯᠠᠬᠢ ᠬᠠᠷᠢᠭᠤᠴᠠᠯᠭ᠎ᠠ ᠶᠢᠨ ᠬᠡᠯᠬᠢᠶ᠎ᠡ ᠶᠢ | ᠲᠣᠳᠣᠷᠬᠠᠶ ᠪᠣᠯᠭᠠᠵᠤ᠂ ᠪᠥᠬᠦ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ︽ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠮᠵᠢᠶᠡᠵᠢᠭᠦᠯᠬᠦ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠦᠷᠦᠭᠦᠯᠡᠨ ᠰᠤᠷᠤᠯᠴᠠᠵᠤ᠂ ᠡᠯ᠎ᠡ ᠵᠥᠢᠯ ᠤᠨ ᠠᠷᠭ᠎ᠠ ᠬᠡᠮᠵᠢᠶ᠎ᠡ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠨᠠᠷᠢᠯᠢᠭ ᠭᠦᠨᠵᠡᠭᠡᠶ ᠨᠠᠶᠢᠳᠠᠪᠤᠷᠢᠵᠢᠭᠤᠯᠵᠤ᠂ ᠳᠤᠲᠠᠭᠤ ᠳᠣᠷᠭᠤᠨ | ᠬᠢᠬᠦ᠂ ᠰᠣᠩᠭᠤᠯᠲᠠ ᠬᠢᠬᠦ᠂ ᠬᠤᠪᠢᠷᠠᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ︽ᠨᠠᠳᠠ ᠪᠠᠷ ᠠᠮᠤᠷ | ᠲᠦᠪᠰᠢᠨ ᠪᠣᠯᠭᠠᠬᠤ︾ ᠠᠴᠠ ︽ᠪᠢ ᠠᠮᠤᠷ ᠲᠦᠪᠰᠢᠨ᠂ ᠥᠪᠡᠷ ᠢᠶᠠᠨ ᠠᠮᠤᠷ ᠲᠦᠪᠰᠢᠨ ᠪᠠᠶᠢᠬᠤ︾ ᠦᠵᠡᠯ | ᠰᠠᠨᠠᠭᠠᠨ ᠤ ᠬᠤᠪᠢᠷᠠᠯᠲᠠ ᠶᠢ ᠪᠡᠶᠡᠯᠡᠬᠦᠯᠦᠨ᠎ᠡ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠠᠵᠤ | ᠠᠬᠤᠶᠢᠯᠠᠯ ᠳᠤ ᠰᠠᠭᠤᠭ᠎ᠠ ᠬᠠᠪᠰᠤᠷᠤᠨ ᠲᠡᠳᠬᠦᠬᠦ ᠳᠠᠭᠠᠭᠠᠴᠢᠯᠠᠨ ᠬᠤᠯᠪᠣᠭᠠᠯᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠬᠠᠪᠰᠤᠷᠤᠨ ᠲᠡᠳᠬᠦᠬᠦ ᠪᠠᠷ ᠳᠠᠮᠵᠢᠭᠤᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠬᠤ ᠶᠢᠨ ᠬᠠᠮᠲᠤ ᠮᠥᠷᠳᠡᠨ ᠬᠢᠨᠠᠨ | ᠵᠢᠯᠣᠭᠤᠳᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠬᠡᠮᠵᠢᠶᠡᠵᠢᠭᠦᠯᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠶ ᠶᠢᠨ | ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | | | | | | | | |