ᠣᠶᠢᠷ᠎ᠠ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠵᠢᠤ ᠶᠤᠸᠠᠨ ᠲᠣᠭᠤᠷᠢᠭ ᠤᠨ ᠾᠧ ᠹᠠ ᠬᠤᠪᠣᠷ ᠰᠢᠷᠣᠶ᠂ ᠰᠠᠨ ᠱᠠᠨ | ᠬᠤᠪᠣᠷ ᠰᠢᠷᠣᠶ ᠶᠢᠨ 2 ᠲᠤᠭᠠᠴᠢᠯᠡᠯᠲᠠ ᠶᠢᠨ ᠬᠡᠯᠪᠡᠷᠢ ᠶᠢ ᠬᠤᠪᠢᠷᠠᠭᠤᠯᠬᠤ ᠲᠥᠷᠥᠯ ᠵᠦᠢᠯ ᠢ ᠰᠢᠯᠭᠠᠨ ᠠᠪᠴᠤ᠂ | ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠬᠤ᠂ ᠠᠵᠤ ᠠᠬᠤᠶᠢᠯᠠᠯ ᠤᠨ ᠬᠠᠷᠢᠭᠤ ᠮᠡᠳᠡᠭᠦᠯᠦᠯᠲᠡ ᠬᠢᠬᠦ᠂ ᠲᠤᠰᠬᠠᠶ | ᠮᠡᠷᠭᠡᠵᠢᠯᠲᠡᠨ ᠲᠤᠯᠭᠠᠨ ᠠᠰᠠᠭᠤᠬᠤ ᠵᠡᠷᠭᠡ ᠵᠢᠷᠤᠮ ᠢᠶᠠᠷ ᠳᠠᠮᠵᠢᠭᠤᠯᠤᠨ᠂ ᠾᠧ ᠹᠠ ᠬᠤᠪᠣᠷ ᠰᠢᠷᠣᠶ ᠶᠢᠨ ︽ | ᠦᠢᠯᠡᠳᠪᠦᠷᠢᠯᠡᠯ ᠤᠨ ᠲᠤᠰᠠᠯᠠᠬᠤ ᠬᠦᠷᠢᠶᠡᠨ ᠳᠠᠬᠢ ᠲᠣᠭᠠᠴᠢᠯᠠᠯᠲᠠ ᠶᠢᠨ ᠥᠭᠡᠷᠡᠴᠢᠯᠡᠯᠲᠡ︾ ᠪᠠ ᠰᠠᠨ ᠱᠠᠨ ᠬᠤᠪᠣᠷ | ᠰᠢᠷᠣᠶ ᠶᠢᠨ ︽ᠠᠵᠤ ᠦᠢᠯᠡᠳᠪᠦᠷᠢᠵᠢᠯᠲᠡ ᠬᠢᠭᠡᠳ ᠮᠡᠳᠡᠭᠡ ᠵᠠᠩᠭᠢᠵᠢᠯᠲᠠ ᠶᠢᠨ ᠠᠭᠤᠰᠤᠯᠴᠠᠯ ᠤᠨ ᠪᠠᠷᠢᠮᠵᠢᠶ᠎ᠠ | 2 A︾ ᠭᠡᠬᠦ 2 ᠲᠥᠷᠥᠯ ᠵᠦᠢᠯ ᠨᠢ ᠰᠢᠯᠭᠠᠨ ᠠᠪᠬᠤ ᠳᠤ ᠬᠢᠷᠢ ᠲᠡᠩᠴᠡᠪᠡ᠃ | | | | ᠲᠣᠰ ᠤᠳᠠᠭᠠᠨ ᠤ ᠰᠢᠯᠭᠠᠨ ᠠᠪᠬᠤ ᠳᠤ ᠬᠢᠷᠢ ᠲᠡᠩᠴᠡᠭᠰᠡᠨ ᠾᠧ ᠹᠠ ᠬᠤᠪᠣᠷ ᠰᠢᠷᠣᠶ ᠶᠢᠨ | ︽ᠦᠢᠯᠡᠳᠪᠦᠷᠢᠯᠡᠯ ᠤᠨ ᠲᠤᠰᠠᠯᠠᠬᠤ ᠬᠦᠷᠢᠶᠡᠨ ᠳᠠᠬᠢ ᠲᠣᠭᠠᠴᠢᠯᠠᠯᠲᠠ ᠶᠢᠨ ᠥᠭᠡᠷᠡᠴᠢᠯᠡᠯᠲᠡ︾ ᠶᠢᠨ ᠲᠥᠷᠥᠯ | ᠵᠦᠢᠯ : ᠲᠡᠮᠦᠷᠯᠢᠭ ᠬᠠᠶᠢᠯᠤᠭᠤᠯᠵᠤ ᠦᠢᠯᠡᠳᠪᠦᠷᠢᠯᠡᠬᠦ ᠡᠯ᠎ᠡ ᠦᠢᠯᠡᠳᠪᠦᠷᠢ ᠶᠢᠨ ᠲᠠᠰᠤᠭ ᠤᠨ ᠲᠤᠬᠠᠶ ᠶᠢᠨ ᠲᠠᠯᠠᠪᠠᠶ | ᠪᠠ ᠨᠢᠭᠡ ᠴᠣᠭᠴᠠᠵᠢᠭᠰᠠᠨ ᠬᠠᠮᠢᠶᠠᠷᠤᠨ ᠡᠵᠡᠮᠳᠡᠬᠦ ᠲᠠᠪᠴᠠᠩ ᠢ ᠵᠠᠪᠰᠠᠷ ᠥᠬᠡᠶ ᠵᠣᠯᠭᠠᠭᠤᠯᠵᠤ᠂ ᠡᠯ᠎ᠡ ᠠᠵᠢᠯ ᠤᠨ | ᠳᠠᠷᠠᠭᠠᠯᠠᠯ ᠤᠨ ᠠᠯᠤᠰ ᠵᠠᠶ ᠶᠢᠨ ᠲᠤᠭ᠎ᠠ ᠪᠠᠷᠢᠮᠲᠠ ᠶᠢᠨ ᠬᠠᠮᠵᠢᠯᠴᠠᠭ᠎ᠠ ᠶᠢ ᠪᠡᠶᠡᠯᠡᠭᠦᠯᠵᠦ᠂ ᠠᠳᠠᠯᠢ ᠪᠤᠰᠤ | ᠦᠢᠯᠡᠳᠪᠦᠷᠢ ᠶᠢᠨ ᠳᠦᠷᠢᠯᠡᠭᠴᠢ ᠶᠢᠨ ᠦᠢᠯᠡᠳᠪᠦᠷᠢᠯᠡᠯ ᠤᠨ ᠳᠡᠭᠡᠳᠦ ᠳᠤᠤᠷᠠᠳᠤ ᠤᠷᠤᠰᠬᠠᠯ ᠪᠠ ᠲᠣᠰ ᠠᠵᠢᠯ ᠤᠨ | ᠳᠠᠷᠠᠭᠠᠯᠠᠯ ᠤᠨ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢ ᠪᠡᠶᠡᠯᠡᠭᠦᠯᠵᠦ᠂ ᠠᠵᠢᠯ ᠤᠨ | ᠪᠠᠶᠢᠷᠢ ᠶᠢᠨ ᠬᠤᠭᠤᠷᠣᠨᠳᠣ ᠵᠠᠭᠠᠭ ᠬᠢᠵᠠᠭᠠᠷ ᠥᠬᠡᠶ ᠪᠠᠷ ᠬᠠᠮᠵᠢᠯᠴᠠᠬᠤ ᠪᠠ ᠤᠳᠤᠷᠢᠳᠤᠯᠭ᠎ᠠ ᠶᠢᠨ ᠴᠠᠭ | ᠲᠤᠬᠠᠶ ᠳᠤ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠦᠲᠦᠮᠵᠢᠲᠡᠶ ᠪᠡᠶᠡᠯᠡᠭᠦᠯᠵᠦ᠂ ᠪᠦᠬᠦᠯᠢ ᠴᠣᠭᠴᠠ ᠶᠢᠨ | ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠦᠢᠯᠡᠳᠪᠦᠷᠢ ᠶᠢᠨ ᠲᠠᠰᠤᠭ ᠤᠨ | ᠦᠢᠯᠡᠳᠪᠦᠷᠢᠯᠡᠯ ᠤᠨ ᠠᠬᠢᠴᠠ ᠶᠢ ᠨᠠᠩ ᠰᠠᠶᠢᠨ ᠵᠣᠬᠢᠴᠠᠭᠤᠯᠬᠤ ᠶᠢ ᠪᠡᠶᠡᠯᠡᠭᠦᠯᠦᠨ᠎ᠡ᠃ ᠳᠠᠷᠠᠭᠠᠯᠠᠪᠠᠯ᠂ ᠾᠧ ᠹᠠ | ᠬᠤᠪᠣᠷ ᠰᠢᠷᠣᠶ ᠶᠢᠨ ᠦᠢᠯᠡᠳᠪᠦᠷᠢᠯᠡᠯ ᠤᠨ ᠠᠵᠢᠯ ᠤᠨ ᠳᠠᠷᠠᠭᠠᠯᠠᠯ ᠤᠨ ᠡᠯ᠎ᠡ ᠣᠷᠣᠵᠤ ᠭᠠᠷᠬᠤ ᠭᠠᠵᠠᠷ ᠤᠨ ᠡᠨᠧᠷᠭᠢ | ᠬᠡᠷᠡᠭᠯᠡᠵᠦ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠲᠦᠭᠦᠬᠡᠶ ᠲᠤᠰᠠᠯᠠᠬᠤ ᠮᠠᠲ᠋ᠧᠷᠢᠶᠠᠯ᠂ ᠤᠰᠤ | ᠴᠠᠬᠢᠯᠭᠠᠨ ᠬᠡᠶ ᠳᠤ ᠲᠤᠬᠠᠶ ᠶᠢᠨ ᠴᠠᠭ ᠲᠤᠨᠢ ᠬᠢᠨᠠᠨ ᠬᠡᠮᠵᠢᠬᠦ᠂ ᠪᠦᠷᠢᠳᠬᠡᠬᠦ ᠪᠠ ᠵᠠᠳᠠᠯᠤᠯᠲᠠ ᠬᠢᠵᠦ᠂ | ᠦᠢᠯᠡᠳᠪᠦᠷᠢᠯᠡᠭᠴᠢᠳ ᠢ ᠵᠢᠯᠣᠭᠤᠳᠴᠤ ᠪᠠᠶᠢᠭᠠᠳ ᠡᠨᠧᠷᠭᠢ ᠬᠡᠷᠡᠭᠯᠡᠬᠦ ᠦᠷ᠎ᠡ ᠪᠦᠲᠦᠮᠵᠢ ᠶᠢ ᠨᠢ ᠰᠢᠯᠢᠳᠡᠭᠵᠢᠭᠦᠯᠦᠨ᠂ | ᠡᠨᠧᠷᠭᠢ ᠠᠰᠢᠭᠯᠠᠬᠤ ᠨᠣᠷᠮ᠎ᠠ ᠶᠢ ᠨᠢ ᠳᠡᠭᠡᠭᠰᠢᠯᠡᠭᠦᠯᠵᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠦᠨ᠎ᠡ᠃ | ᠮᠠᠨ ᠤ ᠬᠤᠳᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠲᠦᠷᠦ ᠶᠢᠨ ᠪᠤᠳᠤᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠵᠢᠤ ᠶᠤᠸᠠᠨ ᠲᠣᠭᠤᠷᠢᠭ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠤᠰᠬᠠᠢ ᠮᠡᠷᠭᠡᠵᠢᠯᠲᠡᠨ ᠢ ᠤᠷᠢᠵᠤ ᠴᠡᠭ ᠲᠤ | ᠦᠨᠡᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠳᠠᠮᠵᠢᠭᠤᠯᠬᠤ ᠶᠢᠨ ᠬᠠᠮᠲᠤ ᠨᠠᠷᠢᠨ ᠲᠠᠶᠢᠯᠤᠮᠵᠢ ᠬᠢᠯᠭᠡᠪᠡ᠂ | ᠨᠢᠭᠡᠳᠦᠭᠡᠷ ᠪᠦᠯᠦᠭ ᠤᠨ ᠮᠠᠨ ᠤ ᠲᠤᠭᠤᠷᠢᠭ ᠨᠡᠶᠢᠳᠡ 2 ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠦᠷᠦᠯ | ᠵᠦᠢᠯ ᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ 100 ᠲᠦᠮᠡᠨ ᠲᠥᠭᠦᠷᠢᠭ ᠤᠨ ᠪᠡᠯᠡ ᠮᠥᠩᠭᠦ ᠤᠯᠬᠤ ᠪᠠᠷ | ᠵᠢᠱᠢᠵᠦ ᠪᠤᠢ᠃ ᠲᠠᠷᠠᠭᠠᠴᠢ ᠪᠠᠷ᠂ ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ | ᠬᠤᠪᠣᠷ ᠰᠢᠷᠣᠶ ᠶᠢᠨ ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠣᠶᠢᠯᠠᠭᠠᠵᠤ᠂ | 2024-2025 ᠣᠨ ᠤ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠥᠷᠥᠯ | ᠵᠦᠢᠯ ᠤᠨ ᠠᠬᠢᠴᠠ ᠶᠢᠨ ᠪᠠᠶᠢᠳᠠᠯ ᠢ ᠭᠦᠨᠵᠡᠭᠡᠶ ᠨᠠᠷᠢᠨ ᠲᠣᠬᠢᠷᠠᠭᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠪᠠᠷ | ᠬᠥᠲᠥᠯᠦᠨ ᠵᠢᠯᠣᠭᠤᠳᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠵᠠᠳᠠᠯᠤᠨ | ᠲᠠᠶᠢᠯᠪᠤᠷᠢᠯᠠᠵᠤ᠂ ᠤᠯᠠᠮ ᠣᠯᠠᠨ ᠬᠤᠪᠣᠷ ᠰᠢᠷᠣᠶ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠤᠶᠤᠴᠢᠯᠠᠨ ᠣᠯᠤᠨ᠎ᠠ᠃ | | | | |