ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠪᠠ ᠬᠥᠮᠦᠨ ᠠᠮᠠ ᠨᠡᠭᠦᠯᠭᠡᠨ ᠣᠷᠣᠭᠤᠯᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2025/2/25
ᠬᠢᠩᠭᠠᠨ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄    ᠪᠠᠶᠢᠭᠤᠯᠬᠤ ᠪᠠᠷ ᠪᠠᠶᠢᠭ᠎ᠠ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠯᠡᠵᠦ ᠪᠦᠲᠦᠭᠡᠨ ᠪᠠᠶᠢᠭᠤᠯᠬᠤ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠣᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ᠄    ᠨᠢᠭᠡ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠤ ᠵᠠᠯᠠᠶᠢᠳ ᠬᠤᠰᠢᠭᠤᠨ ᠤ ᠳᠠᠯᠳᠠ ᠤᠰᠤᠯᠠᠯᠲᠠ ᠶᠢᠨ ᠣᠷᠣᠨ᠂ ᠪᠠᠶᠠ ᠤᠰᠤᠯᠠᠯᠲᠠ ᠶᠢᠨ ᠣᠷᠣᠨ᠂ ᠹᠧᠩ ᠲᠦᠨ ᠤᠰᠤᠯᠠᠯᠲᠠ ᠶᠢᠨ ᠣᠷᠣᠨ᠂ ᠬᠦᠷᠡᠯ ᠤᠰᠤᠯᠠᠯᠲᠠ ᠶᠢᠨ ᠣᠷᠣᠨ᠂ ᠪᠠᠶᠠᠨᠲᠤᠬᠤᠢ ᠤᠰᠤᠯᠠᠯᠲᠠ ᠶᠢᠨ ᠣᠷᠣᠨ᠂ ᠴᠢᠬᠢᠲᠦ ᠤᠰᠤᠯᠠᠯᠲᠠ ᠶᠢᠨ ᠣᠷᠣᠨ᠂ ᠬᠠᠷ᠎ᠠ ᠴᠡᠭᠡᠯ ᠤᠰᠤᠯᠠᠯᠲᠠ ᠶᠢᠨ ᠣᠷᠣᠨ᠂ ᠤᠳᠠᠲᠠᠢ ᠤᠰᠤᠯᠠᠯᠲᠠ ᠶᠢᠨ ᠣᠷᠣᠨ᠂ ᠪᠣᠷᠣᠬᠤᠰᠢᠭᠤ ᠤᠰᠤᠯᠠᠯᠲᠠ ᠶᠢᠨ ᠣᠷᠣᠨ᠂ ᠬᠤᠶᠢᠲᠤ ᠢᠨᠳᠡᠷ ᠤᠰᠤᠯᠠᠯᠲᠠ ᠶᠢᠨ ᠣᠷᠣᠨ᠂ ᠰᠢᠶᠣᠣ ᠴᠧᠩ ᠽᠢ ᠤᠰᠤᠯᠠᠯᠲᠠ ᠶᠢᠨ ᠣᠷᠣᠨ᠂ ᠳᠥᠷᠪᠠᠨᠰᠢᠨ ᠤᠰᠤᠯᠠᠯᠲᠠ ᠶᠢᠨ ᠣᠷᠣᠨ ᠪᠠ ᠨᠣᠨ ᠮᠥᠷᠡᠨ ᠤᠰᠤᠯᠠᠯᠲᠠ ᠶᠢᠨ ᠣᠷᠣᠨ ᠬᠤᠯᠪᠣᠭᠳᠠᠵᠤ᠂ ᠪᠣᠳᠠᠲᠠᠢ ᠬᠡᠪᠴᠢᠶ᠎ᠡ ᠶᠢ ᠲᠤᠬᠠᠢ ᠶᠢᠨ ᠲᠠᠯᠠᠪᠤᠷ ᠲᠤ ᠲᠣᠭᠲᠠᠭᠠᠬᠤ ᠪᠤᠯᠠᠭᠠᠷᠢ ᠪᠠᠷ ᠪᠠᠷᠢᠮᠵᠢᠶᠠᠯᠠᠨ᠎ᠠ᠃    ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠤᠮᠤ ᠰᠢᠶᠠᠩ ᠪᠠᠯᠭᠠᠰᠤ ᠶᠢᠨ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃    ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠲᠥᠷᠥᠯ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ ᠭᠡᠷ ᠪᠠᠶᠢᠰᠢᠩ ᠵᠢᠴᠢ ᠪᠤᠰᠤᠳ ᠪᠡᠯᠡᠳᠬᠡᠮᠵᠢ ᠶᠢ ᠵᠠᠰᠠᠨ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠥᠷᠥᠯ᠂ ᠭᠠᠵᠠᠷ ᠤᠨ ᠲᠥᠷᠬᠦ ᠶᠢ ᠨᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠶᠢ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ᠃    ᠳᠥᠷᠪᠡ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠳᠡᠩᠳᠡᠭᠦᠦ ᠶᠡᠭᠡ ᠨᠥᠯᠥᠭᠡ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭᠳᠠᠬᠤ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠᠲᠠᠢ ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠵᠤ ᠪᠣᠯᠣᠨ᠎ᠠ᠃    ᠲᠠᠪᠤ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠷᠥᠭᠰᠡᠨ᠂ ᠤᠷᠤᠭᠯᠠᠵᠤ ᠮᠣᠷᠳᠠᠭᠰᠠᠨ᠂ ᠴᠡᠷᠢᠭ ᠠᠴᠠ ᠰᠢᠯᠵᠢᠭᠰᠡᠨ ᠪᠤᠶᠤ ᠴᠡᠷᠢᠭ ᠤᠨ ᠠᠯᠪᠠ ᠠᠴᠠ ᠬᠠᠯᠠᠭᠳᠠᠭᠰᠠᠨ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠵᠡᠷᠭᠡ ᠨᠤᠲᠤᠭ ᠲᠤ ᠪᠠᠨ ᠪᠤᠴᠠᠭᠰᠠᠳ ᠠᠴᠠ ᠭᠠᠳᠠᠨ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠬᠥᠮᠥᠨ ᠠᠮᠠ ᠨᠡᠭᠦᠯᠭᠡᠨ ᠣᠷᠣᠭᠤᠯᠬᠤ ᠭᠠᠷᠳᠠᠮ ᠢ ᠭᠦᠢᠴᠡᠳᠬᠡᠵᠦ ᠪᠣᠯᠬᠤ ᠦᠭᠡᠢ᠃    ᠵᠢᠷᠭᠤᠭ᠎ᠠ᠂ ᠢᠨᠵᠧᠨᠧᠷᠢᠩ ᠤᠨ ᠭᠠᠵᠠᠷ ᠰᠢᠷᠣᠢ ᠲᠠᠲᠠᠪᠤᠷᠢᠯᠠᠬᠤ ᠪᠠ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠣᠯᠠᠨ ᠲᠦᠮᠡᠨ ᠢ ᠥᠳᠥᠭᠡᠨ ᠬᠡᠷᠡᠭ ᠲᠠᠲᠠᠭᠰᠠᠨ᠂ ᠭᠠᠵᠠᠷ ᠰᠢᠷᠣᠢ ᠲᠠᠲᠠᠪᠤᠷᠢᠯᠠᠨ ᠨᠡᠭᠦᠯᠭᠡᠬᠦ ᠠᠵᠢᠯ ᠳᠤ ᠬᠠᠷᠰᠢ ᠰᠠᠭᠠᠳ ᠤᠴᠠᠷᠠᠭᠤᠯᠤᠭᠰᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号