【ᠠᠮᠢ ᠠᠬᠤᠶ ᠭᠤᠶᠣ ᠪᠠᠯᠭᠠᠰᠤ】 ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ  ᠡᠵᠡᠩᠨᠡᠯᠲᠡ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2025/2/26
    ᠣᠷᠣᠰᠢᠨ ᠰᠠᠭᠤᠷᠢᠰᠢᠬᠤ ᠰᠠᠶᠢᠨ ᠰᠠᠶᠢᠬᠠᠨ ᠣᠷᠴᠢᠨ ᠲᠣᠭᠤᠷᠢᠨ ᠪᠣᠯ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢᠨ ᠤᠷᠢᠲᠠᠯ ᠮᠥᠨ᠂ ᠣᠶᠢᠷ᠎ᠠ ᠳᠤ᠂ ᠮᠠᠨ ᠤ ᠪᠠᠯᠭᠠᠰᠤᠨ ᠤ ᠴᠡᠪᠡᠷ ᠲᠡᠭᠰᠢ᠂ ᠡᠮᠬᠢ ᠵᠢᠷᠤᠮ ᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠠᠴᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠴᠢᠭᠯᠡᠭᠦᠯᠦᠭᠰᠡᠨ ᠲᠤᠰᠬᠠᠶ ᠰᠢᠪᠠᠳᠠᠨ ᠪᠠᠶᠢᠴᠠᠭᠠᠵᠤ ᠵᠠᠰᠠᠬᠤ ᠠᠵᠢᠯᠯᠠᠭ᠎ᠠ ᠥᠷᠨᠢᠭᠦᠯᠪᠡ᠃
111111.jpg
      ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠳᠤ᠂ ᠴᠢᠩ ᠨᠢᠶᠤᠤ ᠡᠳ᠋ᠯᠡᠩ ᠤᠨ ᠡᠷᠬᠢᠨ ᠲᠣᠭᠤᠷᠢᠨ ᠳᠤ ᠶᠡᠭᠡ ᠬᠡᠮᠵᠢᠶᠡᠨ ᠤ ᠬᠤᠭ ᠨᠣᠪᠰᠢ ᠣᠷᠣᠰᠢᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠰᠠᠭᠤᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠬᠦᠨᠳᠦ ᠨᠣᠴᠢᠲᠠᠶ ᠨᠥᠯᠥᠭᠡᠯᠡᠭᠰᠡᠨ ᠢ ᠣᠯᠵᠤ ᠮᠡᠳᠡᠭᠡᠳ᠂ ᠲᠡᠷᠡ ᠳᠠᠷᠤᠶ ᠳᠤᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠶᠢ ᠵᠠᠷᠯᠢᠭᠳᠠᠵᠤ ᠪᠠᠶᠢᠭᠠᠳ ᠲᠣᠰ ᠠᠰᠠᠭᠤᠳᠠᠯ ᠤᠨ ᠣᠷᠣᠨ ᠪᠦᠰᠡ ᠶᠢ ᠪᠥᠬᠦ ᠲᠠᠯ᠎ᠠ ᠪᠠᠷ ᠴᠡᠪᠡᠷᠯᠡᠭᠦᠯᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠲᠡᠷᠡ ᠳᠠᠷᠤᠢ ᠳᠤᠨᠢ ᠴᠤᠤᠷᠢᠶᠠᠲᠤᠨ ᠢᠳᠡᠪᠬᠢᠲᠡᠶ ᠴᠡᠪᠡᠷᠯᠡᠵᠦ᠂ ᠨᠡᠶᠢᠲᠡ 14 ᠠᠵᠢᠯᠴᠢᠨ ᠬᠥᠳᠡᠯᠭᠡᠵᠦ᠂ ᠨᠢᠭᠡ ᠠᠴᠢᠬᠤ ᠮᠠᠰᠢᠨ ᠲᠣᠬᠢᠷᠠᠭᠤᠯᠵᠤ᠂ ᠨᠡᠶᠢᠲᠡ ᠪᠠᠷᠤᠭ 30 ᠲᠣᠨ ᠬᠤᠭ ᠨᠣᠪᠰᠢ ᠴᠡᠪᠡᠷᠯᠡᠵᠦ᠂ ᠴᠢᠩ ᠨᠢᠶᠤᠤ ᠡᠳ᠋ᠯᠡᠩ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠪᠠ᠃
22222.jpg
     ᠲᠠᠷᠠᠭᠠᠴᠢ  ᠪᠠᠷ᠂ ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠶᠢᠨ ᠲᠣᠭᠲᠠᠴᠠ ᠶᠢ ᠪᠠᠶᠢᠭᠤᠯᠤᠨ᠂ ᠬᠠᠷᠢᠶ᠎ᠠ ᠣᠷᠣᠨ ᠤ ᠣᠷᠴᠢᠨ ᠲᠣᠭᠤᠷᠢᠨ ᠢᠮᠠᠭᠲᠠ ᠴᠡᠪᠡᠷ ᠪᠠᠶᠢᠬᠤ ᠶᠢ ᠪᠠᠲᠤᠯᠠᠵᠤ᠂ ᠮᠠᠨ ᠤ ᠪᠠᠯᠭᠠᠰᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤᠯᠠᠭ᠎ᠠ ᠬᠠᠩᠭᠠᠵᠤ᠂ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号