ᠳᠠᠪᠠᠭᠤᠯᠢᠭ ᠡᠪᠡᠳᠴᠢᠨ ᠤ ᠲᠥᠷᠥᠯ ᠢ ᠣᠨᠣᠰᠢᠯᠠᠨ ᠡᠮᠨᠡᠬᠦ ᠲᠥᠰᠦᠯ ᠢ ᠲᠣᠭᠲᠠᠭᠠᠵᠤ ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/2/26
    ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠡᠮᠨᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠃ ᠬᠢᠲᠠᠳ ᠧᠦ᠋ᠷᠣᠫᠠ ᠡᠮᠨᠡᠯᠭᠡ ᠶᠢ ᠠᠭᠤᠰᠤᠯᠴᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠡᠮᠴᠢ ᠶᠢᠨ ᠣᠨᠣᠰᠢᠯᠠᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂  ᠵᠢᠤ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠣᠶᠢᠷ᠎ᠠ ᠳᠤ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ ᠲᠣᠭᠲᠠᠭᠠᠬᠤ ᠲᠠᠶᠢᠯᠤᠮᠵᠢ ᠥᠷᠨᠢᠭᠦᠯᠪᠡ᠃ ᠲᠤᠰ ᠤᠳᠠᠭᠠᠨ ᠤ ᠲᠠᠶᠢᠯᠤᠮᠵᠢ ᠶᠢᠨ ᠭᠤᠣᠯ ᠲᠠᠶᠢᠯᠪᠤᠷᠢᠯᠠᠭᠴᠢ ᠨᠢ ᠡᠮᠨᠡᠯᠭᠡ ᠶᠢᠨ ᠰᠠᠯᠠᠭᠠᠨ ᠤ ᠳᠡᠳ᠋ ᠡᠷᠬᠢᠯᠡᠭᠴᠢ ᠬᠠᠨ ᠵᠢᠩ ᠪᠣᠯᠤᠨ᠎ᠠ᠃ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠡᠮᠴᠢ ᠲᠤᠰ ᠤᠳᠠᠭᠠᠨ ᠤ ᠲᠠᠶᠢᠯᠤᠮᠵᠢ ᠳᠤ ᠣᠷᠣᠯᠴᠠᠪᠠ᠃
1111111.jpg
     ᠲᠠᠶᠢᠯᠤᠮᠵᠢ ᠶᠢᠨ ᠠᠭᠤᠯᠭ᠎ᠠ ᠳᠤ ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ ᠲᠥᠰᠦᠯ ᠢ ᠲᠣᠭᠲᠠᠭᠠᠬᠤ ᠨᠢᠭᠡᠳᠦᠯᠲᠡᠶ ᠵᠠᠭᠪᠤᠷ ᠵᠢᠴᠢ ᠬᠡᠷᠬᠢᠨ ᠪᠦᠷᠢᠨ ᠪᠦᠲᠦᠨ ᠣᠨᠣᠰᠢᠯᠠᠨ ᠡᠮᠨᠡᠬᠦ ᠲᠥᠰᠦᠯ ᠢ ᠲᠣᠭᠲᠠᠭᠠᠬᠤ ᠲᠤᠬᠠᠶ ᠵᠢᠱᠢᠶ᠎ᠡ ᠪᠠᠷ ᠲᠠᠶᠢᠯᠪᠤᠷᠢᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠠᠪᠠᠭᠤᠯᠢᠭ ᠡᠪᠡᠳᠴᠢᠨ ᠤ ᠲᠥᠷᠥᠯ ᠢ ᠣᠨᠣᠰᠢᠯᠠᠨ ᠡᠮᠨᠡᠬᠦ ᠲᠥᠰᠦᠯ ᠢ ᠬᠡᠷᠬᠢᠨ ᠲᠣᠭᠲᠠᠭᠠᠬᠤ ᠲᠤᠬᠠᠶ ᠵᠢᠯᠣᠭᠤᠳᠣᠯᠭ᠎ᠠ ᠬᠢᠪᠡ᠃ ᠡᠯ᠎ᠡ ᠰᠠᠯᠠᠭ᠎ᠠ ᠲᠠᠰᠤᠭ ᠤᠳ ᠳᠠᠪᠠᠭᠤᠯᠢᠭ ᠡᠪᠡᠳᠴᠢᠨ ᠤ ᠲᠥᠷᠥᠯ ᠢᠶᠠᠨ ᠲᠣᠳᠣᠷᠬᠠᠶᠢᠯᠠᠬᠤ ᠵᠢᠴᠢ ᠣᠨᠣᠰᠢᠯᠠᠨ ᠡᠮᠨᠡᠬᠦ ᠲᠥᠰᠦᠯ ᠲᠣᠭᠲᠠᠭᠠᠬᠤ ᠵᠣᠷᠢᠯᠭ᠎ᠠ ᠪᠠᠨ ᠲᠣᠳᠣᠷᠬᠠᠶᠢᠯᠠᠵᠤ᠂ ᠣᠨᠣᠰᠢᠯᠠᠨ ᠡᠮᠨᠡᠬᠦ ᠲᠥᠰᠦᠯ ᠤᠨ ᠪᠣᠳᠠᠲᠠᠶ ᠠᠭᠤᠯᠭ᠎ᠠ ᠶᠢ ᠣᠶᠢᠯᠠᠭᠠᠬᠤ ᠶᠢᠨ ᠬᠠᠮᠲᠤ ᠡᠮᠨᠡᠯᠭᠡ ᠶᠢᠨ ᠬᠤᠷᠢᠶᠠᠨ ᠤ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠳᠠᠪᠠᠭᠤᠯᠢᠭ ᠢ ᠳᠣᠪᠤᠶᠢᠯᠭᠠᠬᠤ ᠬᠡᠷᠡᠭᠲᠡᠶ᠃      ᠣᠨᠣᠰᠢᠯᠠᠨ ᠡᠮᠨᠡᠬᠦ ᠲᠥᠰᠦᠯ ᠲᠣᠭᠲᠠᠭᠠᠬᠤ ᠳᠠᠭᠠᠨ᠂ ᠰᠠᠯᠠᠭ᠎ᠠ ᠲᠠᠰᠤᠭ ᠤᠨ ᠣᠯᠠᠨ ᠵᠢᠯ ᠤᠨ ᠠᠵᠢᠯ ᠤᠨ ᠲᠤᠷᠰᠢᠯᠭ᠎ᠠ ᠪᠠᠨ ᠳ᠋ᠦᠩᠨᠡᠬᠦ ᠲᠠᠢ ᠤᠶᠠᠯᠳᠤᠭᠤᠯᠤᠨ᠂ ᠣᠨᠣᠰᠢᠯᠠᠨ ᠡᠮᠨᠡᠬᠦ ᠲᠥᠰᠦᠯ ᠢ ᠡᠮᠨᠡᠯᠭᠡ ᠶᠢᠨ ᠬᠤᠷᠢᠶᠠᠨ ᠤ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠰᠠᠯᠠᠭ᠎ᠠ ᠲᠠᠰᠤᠭ ᠤᠨ ᠣᠨᠣᠰᠢᠯᠠᠨ ᠡᠮᠨᠡᠬᠦ ᠣᠨᠴᠠᠯᠢᠭ ᠢ ᠢᠯᠡᠷᠡᠭᠦᠯᠬᠦ ᠶᠢᠨ ᠬᠠᠮᠲᠤ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠶ᠃ ᠡᠭᠦᠨ ᠤ ᠬᠠᠮᠲᠤ᠂ ᠣᠨᠣᠰᠢᠯᠠᠨ ᠡᠮᠨᠡᠬᠦ ᠲᠥᠰᠦᠯ ᠢᠶᠠᠨ ᠲᠠᠰᠤᠷᠠᠯᠲᠠ ᠥᠬᠡᠶ ᠦᠨᠡᠯᠡᠨ ᠲᠣᠬᠢᠷᠠᠭᠤᠯᠵᠤ᠂ ᠣᠨᠣᠰᠢᠯᠠᠨ ᠡᠮᠨᠡᠬᠦ ᠲᠥᠰᠦᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠣᠨᠣᠰᠢᠯᠠᠨ ᠡᠮᠨᠡᠬᠦ ᠦᠷ᠎ᠡ ᠪᠦᠲᠦᠮᠵᠢ ᠶᠢᠨ ᠬᠠᠮᠤᠭ ᠤᠨ ᠶᠡᠭᠡ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠢᠰᠢᠳᠠ᠂ ᠵᠢᠤ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠬᠢᠲᠠᠳ ᠧᠦ᠋ᠷᠣᠫᠠ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠰᠢᠨ᠎ᠡ ᠶᠢ ᠡᠭᠦᠳᠬᠦ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠥᠷᠭᠡᠨ ᠣᠯᠠᠨ ᠡᠪᠡᠳᠴᠢᠲᠡᠨ ᠤ ᠠᠮᠢ ᠨᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号